ᠸᠠᠩ ᠶᠠᠩ ᠥᠪᠦᠷ ᠮᠤᠩᠭᠤᠯ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠬᠰᠠᠨ ᠨᠢ ᠳᠤᠮᠳᠠᠳᠤ ᠶᠢᠨ ᠦᠨᠳᠦᠰᠦᠳᠡᠨ ᠤ ᠬᠠᠮᠳᠤ ᠴᠤᠬᠴᠠ ᠶᠢᠨ ᠤᠬᠠᠮᠰᠠᠷ ᠢ ᠡᠷᠡᠰ ᠭᠤᠶᠢᠪᠢᠰᠢ ᠦᠭᠡᠢ ᠪᠠᠳᠤ ᠴᠤᠬᠴᠠᠯᠠᠵᠦ ᠡᠭᠡ ᠤᠯᠤᠰ ᠤᠨ ᠤᠮᠠᠷᠠᠳᠦ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠪᠠᠳᠤ ᠪᠠᠬᠢ ᠪᠦᠳᠦᠭᠡᠨ ᠪᠠᠶᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2021/4/15

      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠸᠠᠩ ᠶᠠᠩ ᠤᠢᠢᠷ᠎ᠠ ᠶᠢᠨ ᠡᠳᠦᠷ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠪᠠᠶᠢᠴᠠᠭᠠᠨ ᠰᠤᠳᠤᠯᠪᠠ᠃ ᠲᠡᠷᠡ᠂ ᠶᠡᠷᠦᠩᠭᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠠᠵᠢᠯ ᠤᠨ ᠲᠤᠬᠠᠢ ᠴᠢᠬᠤᠯᠠ ᠦᠬᠦᠯᠡᠯᠳᠠ ᠪᠠ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠷᠢᠨ ᠪᠦᠳᠦᠨ ᠵᠦᠪ ᠤᠨᠤᠪᠴᠢᠳᠠᠢ ᠤᠢᠢᠯᠠᠭᠠᠨ ᠲᠤᠭᠤᠰᠢᠯᠠᠭᠤᠯᠵᠦ᠂ ᠰᠢᠨ᠎ᠠ ᠴᠠᠭ ᠦᠶ᠎ᠠ ᠶᠢᠨ ᠦᠨᠳᠦᠰᠦᠳᠡᠨ ᠤ ᠠᠵᠢᠯ ᠤᠨ ᠲᠡᠦᠭᠡ ᠶᠢᠨ ᠤᠷᠤᠨ ᠪᠠᠶᠢᠷᠢ ᠶᠢ ᠬᠦᠨᠵᠡᠭᠡᠢ ᠡᠵᠡᠮᠳᠡᠨ᠂ ᠳᠤᠮᠳᠠᠳᠤ ᠶᠢᠨ ᠦᠨᠳᠦᠰᠦᠳᠡᠨ ᠤ ᠬᠠᠮᠳᠤ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠡᠨᠡ ᠬᠦ ᠭᠤᠤᠯ ᠰᠢᠵᠢᠮ ᠢ ᠪᠠᠳᠤ ᠡᠵᠡᠮᠳᠡᠵᠦ᠂ ᠵᠦᠪ ᠤᠯᠤᠰ ᠤᠨ ᠦᠵᠡᠯᠳᠠ᠂ ᠲᠡᠦᠭᠡ ᠶᠢᠨ ᠦᠵᠡᠯᠳᠠ᠂ ᠦᠨᠳᠦᠰᠦᠳᠡᠨ ᠤ ᠦᠵᠡᠯᠳᠠ᠂ ᠰᠤᠶᠤᠯ ᠤᠨ ᠦᠵᠡᠯᠳᠠ᠂ ᠱᠠᠰᠢᠨ ᠰᠤᠷᠳᠠᠬᠤᠨ ᠤ ᠦᠵᠡᠯᠳᠠ ᠶᠢ ᠪᠠᠳᠤ ᠪᠤᠢ ᠪᠤᠯᠭᠠᠨ᠂ ᠨᠡᠶᠢᠳᠡᠯᠢᠭ ᠴᠢᠨᠠᠷ ᠪᠠ ᠵᠦᠷᠢᠶᠡᠳᠦ ᠴᠢᠨᠠᠷ ᠤᠨ ᠬᠠᠷᠢᠴᠠᠭ᠎ᠠ ᠶᠢ ᠵᠦᠪ ᠢᠶᠠᠷ ᠲᠠᠨᠢᠨ ᠵᠦᠪ ᠢᠶᠠᠷ ᠰᠢᠢᠳᠪᠤᠷᠢᠯᠡᠵᠦ᠂ ᠦᠨᠳᠦᠰᠦᠳᠡᠨ ᠤ ᠬᠦᠷᠢᠶᠡᠨ ᠤ ᠬᠦᠨ ᠲᠠᠪᠬᠤᠷᠭ᠎ᠠ ᠶᠢᠨ ᠠᠰᠠᠭᠤᠳᠠᠯ ᠢ ᠬᠦᠴᠦᠯᠡᠨ ᠰᠢᠢᠳᠪᠤᠷᠢᠯᠡᠵᠦ᠂ ︽ᠵᠢᠱᠢᠶᠡᠴᠢ ᠦᠪᠡᠷᠲᠡᠭᠡᠨ ᠵᠠᠰᠠᠬᠤ ᠤᠷᠤᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠳᠤᠷ ᠰᠠᠬᠢᠨ ᠬᠠᠮᠠᠭᠠᠯᠠᠵᠦ᠂ ᠦᠨᠳᠦᠰᠦᠳᠡᠨ ᠤ ᠪᠦᠯᠬᠦᠮᠳᠡᠯ᠂ ᠨᠡᠶᠢᠭᠡᠮ ᠤᠨ ᠲᠤᠭᠳᠠᠭᠤᠨ᠂ ᠬᠢᠯᠢ ᠬᠢᠵᠠᠭᠠᠷ ᠤᠨ ᠠᠮᠤᠷ ᠲᠤᠭᠳᠠᠭᠤᠨ ᠤ ᠰᠠᠶᠢᠨ ᠰᠠᠶᠢᠬᠠᠨ ᠪᠠᠶᠢᠳᠠᠯ ᠢ ᠳᠠᠰᠤᠷᠠᠯᠳᠠ ᠦᠭᠡᠢ ᠪᠠᠬᠢᠵᠢᠬᠦᠯᠦᠨ ᠬᠦᠭᠵᠢᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃

1.jpg


      12 ᠠᠴᠠ 14 ᠤ ᠡᠳᠦᠷ ᠪᠤᠯᠳᠠᠯ᠎ᠠ᠂ ᠸᠠᠩ ᠶᠠᠩ ᠪᠠᠶᠢᠴᠠᠭᠠᠨ ᠰᠤᠳᠤᠯᠬᠤ ᠲᠤᠭᠤᠢᠢᠯᠠᠩ ᠳᠠᠭᠠᠭᠤᠯᠤᠨ ᠥᠪᠦᠷ ᠮᠤᠩᠭᠤᠯ ᠳᠤ ᠢᠷᠡᠵᠦ᠂ 4 ᠲᠤᠭᠤᠢᠢᠯᠠᠩ ᠬᠤᠪᠢᠶᠠᠨ᠂ ᠬᠦᠬᠡᠬᠤᠳᠠ᠂ ᠪᠤᠭᠤᠳᠤ᠂ ᠲᠦᠩᠯᠢᠶᠤᠤ᠂ ᠰᠢᠯᠢ ᠶᠢᠨ ᠭᠤᠤᠯ ᠵᠡᠷᠭᠡ ᠭᠠᠵᠠᠷ ᠢᠶᠠᠷ ᠬᠦᠷᠴᠦ᠂ ᠨᠠᠮ ᠵᠠᠰᠠᠭ ᠤᠨ ᠪᠠᠶᠢᠭᠤᠯᠭ᠎ᠠ᠂ ᠬᠤᠳᠠ ᠶᠢᠨ ᠨᠡᠶᠢᠭᠡᠮ ᠲᠤᠭᠤᠷᠢᠭ᠂ ᠮᠠᠯᠵᠢᠬᠤ ᠲᠠᠷᠢᠶᠠᠯᠠᠬᠤ ᠤᠷᠤᠨ᠂ ᠡᠯ᠎ᠠ ᠲᠦᠷᠦᠯ ᠤᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠰᠤᠶᠤᠯ ᠤᠨ ᠨᠢᠭᠡᠴᠢ ᠪᠠᠷ ᠬᠦᠨᠵᠡᠭᠡᠶᠢᠷᠡᠨ᠂ ᠡᠯ᠎ᠠ ᠱᠠᠳᠤᠨ ᠤ ᠺᠠᠳ᠋ᠷ᠂ ᠲᠤᠰᠬᠠᠢ ᠮᠡᠷᠭᠡᠵᠢᠯᠳᠠᠨ ᠡᠷᠳᠡᠮᠳᠡᠨ᠂ ᠦᠨᠳᠦᠰᠦᠳᠡᠨ ᠨᠦᠭᠦᠳ ᠤᠨ ᠤᠯᠠᠨ ᠲᠦᠮᠡᠨ ᠲᠠᠢ ᠨᠢᠭᠤᠷᠳᠠᠨ ᠶᠠᠷᠢᠯᠴᠠᠬᠤ ᠶᠢᠨ ᠬᠠᠮᠳᠦ ᠶᠠᠷᠢᠯᠴᠠᠬᠤ ᠬᠤᠷᠠᠯ ᠬᠤᠷᠠᠯᠳᠤᠭᠤᠯᠤᠨ ᠬᠤᠯᠪᠤᠭᠳᠠᠯ ᠪᠦᠬᠦᠢ ᠲᠠᠯ᠎ᠠ ᠶᠢᠨ ᠰᠠᠨᠠᠯ ᠰᠠᠨᠠᠭᠤᠯᠭ᠎ᠠ ᠶᠢ ᠰᠤᠨᠤᠰᠴᠠᠢ᠃ ᠸᠠᠩ ᠶᠠᠩ᠂ ᠮᠠᠨ ᠤ ᠤᠯᠤᠰ ᠡᠳᠦᠭᠡ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠵᠠᠩᠬᠢᠯᠠᠭ᠎ᠠ ᠶᠢᠨ ᠴᠠᠬ ᠮᠦᠴᠠ ᠳᠤ ᠤᠷᠤᠰᠢᠵᠦ ᠪᠤᠢ᠂ ᠡᠨᠡ ᠪᠤᠯ ᠰᠢᠨ᠎ᠠ ᠴᠠᠬ ᠦᠶ᠎ᠠ ᠶᠢᠨ ᠦᠨᠳᠤᠰᠤᠳᠠᠨ ᠤ ᠠᠵᠢᠯ ᠢ ᠰᠠᠶᠢᠳᠤᠷ ᠬᠢᠬᠦ ᠬᠠᠮᠤᠬ ᠤᠨ ᠶᠡᠭᠡ ᠠᠬᠤᠢ ᠪᠠᠶᠢᠳᠠᠯ ᠪᠤᠯᠤᠨ᠎ᠠ᠃ ᠳᠤᠮᠳᠠᠳᠤ ᠶᠢᠨ ᠦᠨᠳᠤᠰᠤᠳᠠᠨ ᠤ ᠬᠠᠮᠳᠤ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠪᠤᠯ ᠦᠨᠳᠤᠰᠤᠳᠠᠨ ᠤ ᠰᠡᠷᠬᠦᠨ ᠮᠠᠨᠳᠤᠯᠳᠠ ᠶᠢ ᠪᠡᠶᠡᠯᠡᠬᠦᠯᠬᠦ ᠰᠠᠭᠤᠷᠢ ᠴᠢᠨᠠᠷᠳᠠᠢ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠢᠨᠵᠧᠨᠧᠷᠢᠩ ᠪᠤᠯᠤᠨ᠎ᠠ᠃ ᠳᠤᠮᠳᠠᠳᠤ ᠶᠢᠨ ᠦᠨᠳᠤᠰᠤᠳᠠᠨ ᠤ ᠤᠯᠠᠨ ᠡᠰᠢᠳᠤ ᠨᠢᠭᠡ ᠴᠤᠬᠴᠠᠵᠢᠬᠰᠠᠨ ᠪᠠᠶᠢᠷᠢᠰᠢᠯ ᠤᠨ ᠲᠤᠬᠠᠢ ᠲᠠᠨᠢᠯᠳᠠ ᠶᠢ ᠬᠦᠨᠵᠡᠬᠡᠶᠢᠷᠡᠬᠦᠯᠵᠤ᠂ ᠳᠤᠮᠳᠠᠳᠤ ᠶᠢᠨ ᠦᠨᠳᠤᠰᠤᠳᠠᠨ ᠤ ᠬᠠᠮᠳᠤ ᠴᠤᠬᠴᠠ ᠶᠢᠨ ᠲᠡᠤᠬᠡ ᠶᠢᠨ ᠰᠤᠳᠤᠯᠭᠠᠨ ᠢ ᠴᠢᠩᠭᠠᠳᠬᠠᠵᠤ᠂ ᠦᠨᠳᠤᠰᠤᠳᠠᠨ ᠨᠦᠭᠦᠳ ᠤᠨ ᠺᠠᠳ᠋ᠷ ᠤᠯᠠᠨ ᠲᠦᠮᠡᠨ ᠢ ᠬᠦᠮᠤᠵᠢᠬᠦᠯᠵᠤ ᠬᠦᠳᠤᠯᠤᠨ ᠵᠢᠯᠤᠭᠤᠳᠴᠤ ᠮᠠᠨ ᠤ ᠦᠷᠬᠡᠨ ᠠᠭᠤᠳᠠᠮ ᠬᠢᠯᠢ ᠬᠢᠵᠠᠭᠠᠷ ᠤᠷᠤᠨ ᠪᠤᠯ ᠦᠨᠳᠤᠰᠤᠳᠠᠨ ᠨᠦᠭᠦᠳ ᠬᠠᠮᠳᠤ ᠪᠠᠷ ᠴᠤᠬᠴᠠᠯᠠᠨ ᠪᠠᠶᠢᠭᠤᠯᠤᠬᠰᠠᠨ᠂ ᠦᠨᠢ ᠤᠳᠠᠭᠠᠨ ᠲᠡᠤᠬᠡ ᠪᠤᠯ ᠦᠨᠳᠤᠰᠤᠳᠠᠨ ᠨᠦᠭᠦᠳ ᠬᠠᠮᠳᠤ ᠪᠠᠷ ᠪᠢᠴᠢᠭᠯᠡᠭᠰᠡᠨ᠂ ᠭᠡᠷᠡᠯ ᠰᠠᠴᠤᠷᠠᠩᠭᠤᠢ ᠰᠤᠶᠤᠯ ᠪᠤᠯ ᠦᠨᠳᠤᠰᠤᠳᠠᠨ ᠨᠦᠭᠦᠳ ᠬᠠᠮᠳᠤ ᠪᠠᠷ ᠡᠬᠦᠳᠦᠭᠰᠡᠨ᠂ ᠠᠭᠤᠤ ᠶᠡᠭᠡ ᠵᠤᠷᠢᠬ ᠰᠠᠨᠠᠭ᠎ᠠ ᠪᠤᠯ ᠦᠨᠳᠤᠰᠤᠳᠠᠨ ᠨᠦᠭᠦᠳ ᠬᠠᠮᠳᠤ ᠪᠠᠷ ᠪᠤᠶᠢᠵᠢᠭᠤᠯᠤᠬᠰᠠᠨ ᠭᠡᠳᠡᠭ ᠢ ᠴᠠᠬ ᠢᠮᠠᠬᠳᠠ ᠪᠠᠳᠤ ᠴᠡᠬᠡᠵᠢᠯᠠᠵᠤ᠂ ᠲᠡᠤᠬᠡ ᠶᠢ ᠠᠷᠠᠳ ᠲᠦᠮᠡᠨ ᠪᠦᠳᠦᠭᠡᠵᠦ᠂ ᠦᠨᠳᠤᠰᠤᠳᠠᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠪᠤᠯ ᠳᠤᠮᠳᠠᠳᠤ ᠶᠢᠨ ᠦᠨᠳᠤᠰᠤᠳᠠᠨ ᠤ ᠬᠦᠭᠵᠢᠯᠳᠠ ᠲᠠᠪᠰᠢᠯᠳᠠ ᠶᠢ ᠠᠬᠢᠭᠤᠯᠬᠤ ᠰᠢᠷᠬᠢᠰᠢ ᠦᠬᠡᠢ ᠬᠦᠳᠡᠯᠬᠡᠭᠦ ᠬᠦᠴᠤᠨ ᠪᠤᠯᠬᠤ ᠶᠢ ᠬᠦᠨᠵᠡᠬᠡᠢ ᠲᠠᠨᠢᠵᠤ᠂ ᠡᠯ᠎ᠠ ᠦᠨᠳᠤᠰᠤᠳᠠᠨ ᠤ ᠲᠡᠤᠬᠡ ᠶᠢᠨ ᠬᠤᠪᠢ ᠨᠡᠮᠡᠷᠢ ᠪᠤᠯᠤᠨ ᠲᠡᠤᠬᠡᠳᠦ ᠬᠦᠮᠤᠰ ᠤᠨ ᠤᠢᠢᠯᠡᠳᠤᠯ ᠢ ᠪᠤᠰᠤᠳᠴᠢ ᠪᠠᠷ ᠦᠨᠡᠯᠡᠬᠦ ᠭᠡᠷᠡᠭᠳᠠᠢ᠃ ᠦᠨᠳᠤᠰᠤᠳᠡᠨ ᠤ ᠤᠬᠠᠮᠰᠠᠷ ᠪᠠ ᠲᠤᠮᠳᠠᠳᠤ ᠶᠢᠨ ᠦᠨᠳᠤᠰᠤᠳᠡᠨ ᠤ ᠬᠠᠮᠳᠤ ᠴᠤᠬᠴᠠ ᠶᠢᠨ ᠤᠬᠠᠮᠰᠠᠷ ᠤᠨ ᠬᠠᠷᠢᠴᠠᠭ᠎ᠠ ᠶᠢ ᠵᠦᠪ ᠡᠵᠡᠮᠳᠡᠵᠤ᠂ ᠲᠤᠮᠳᠠᠳᠤ ᠶᠢᠨ ᠰᠤᠶᠤᠯ ᠤᠨ ᠲᠤᠬᠠᠢ ᠬᠠᠮᠳᠦ ᠶᠢᠨ ᠲᠠᠨᠢᠯᠳᠠ ᠪᠠᠨ ᠨᠡᠮᠡᠭᠳᠡᠬᠦᠯᠦᠭᠰᠡᠨ ᠰᠠᠭᠤᠷᠢᠨ ᠲᠡᠭᠡᠷ᠎ᠡ᠂ ᠦᠨᠳᠤᠰᠤᠳᠡᠨ ᠨᠦᠭᠦᠳ ᠤᠨ ᠰᠤᠶᠤᠯ ᠢ ᠤᠯᠠᠮᠵᠢᠯᠠᠨ ᠬᠠᠮᠠᠭᠠᠯᠠᠬᠤ ᠪᠠ ᠰᠢᠨ᠎ᠡ ᠶᠢ ᠡᠬᠦᠳᠤᠨ ᠠᠭᠤᠰᠤᠯᠴᠠᠭᠤᠯᠬᠤ ᠶᠢ ᠠᠬᠢᠭᠤᠯᠬᠤ ᠭᠡᠷᠡᠭᠳᠠᠢ᠃ ᠤᠯᠤᠰ ᠤᠨ ᠨᠡᠶᠢᠳᠡᠮ ᠭᠡᠷᠡᠭᠯᠡᠬᠦ ᠦᠭᠡ ᠬᠡᠯᠡ ᠦᠰᠦᠭ ᠪᠢᠴᠢᠭ ᠢ ᠲᠡᠯᠭᠡᠷᠡᠬᠦᠯᠤᠨ ᠲᠦᠭᠡᠮᠡᠯᠵᠢᠬᠦᠯᠬᠦ ᠶᠢ ᠲᠦᠷᠭᠡᠳᠭᠡᠵᠤ᠂ ᠤᠯᠤᠰ ᠤᠨ ᠨᠢᠭᠡᠳᠤᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠢ ᠲᠡᠯᠭᠡᠷᠡᠬᠦᠯᠤᠨ ᠭᠡᠷᠡᠭᠯᠡᠬᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠦᠨᠳᠤᠰᠤᠳᠡᠨ ᠨᠦᠭᠦᠳ ᠤᠨ ᠤᠯᠠᠨ ᠲᠦᠮᠡᠨ ᠳᠤ ᠰᠢᠨᠵᠢᠯᠡᠬᠦ ᠤᠬᠠᠭᠠᠨ ᠰᠤᠶᠤᠯ ᠤᠨ ᠮᠡᠳᠡᠯᠭᠡ ᠶᠢ ᠨᠡᠩ ᠰᠠᠶᠢᠨ ᠬᠦᠷᠳᠡᠭᠡᠵᠤ᠂ ᠠᠵᠢᠯ ᠤᠯᠬᠤ ᠴᠢᠳᠠᠪᠤᠷᠢ ᠪᠠ ᠤᠳᠤ ᠦᠶ᠎ᠡ ᠶᠢᠨ ᠨᠡᠶᠢᠭᠡᠮ ᠳᠤ ᠠᠭᠤᠰᠤᠯᠴᠠᠬᠤ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃

2.jpg

 

     ᠸᠠᠩ ᠶᠠᠩ᠂ ᠦᠨᠳᠤᠰᠤᠳᠡᠨ ᠤ ᠤᠷᠤᠨ ᠤ ᠦᠪᠡᠷᠳᠡᠭᠡᠨ ᠵᠠᠰᠬᠠᠤ ᠪᠠᠶᠢᠭᠤᠯᠤᠯ ᠨᠢ ᠮᠠᠨ ᠤ ᠤᠯᠤᠰ ᠤᠨ ᠨᠢᠭᠡᠳᠦᠭᠰᠡᠨ ᠤᠯᠠᠨ ᠦᠨᠳᠤᠰᠤᠳᠡᠨ ᠲᠠᠢ ᠤᠯᠤᠰ ᠤᠨ ᠦᠨᠳᠤᠰᠤᠨ ᠤᠯᠤᠰ ᠤᠨ ᠪᠠᠶᠢᠳᠠᠯ ᠳᠤ ᠨᠠᠶᠢᠴᠡᠵᠤ᠂ ᠬᠦᠴᠦᠷᠭᠡᠭ ᠶᠡᠭᠡ ᠠᠮᠢᠵᠢᠷᠠᠯ ᠤᠨ ᠬᠦᠴᠤᠨ ᠲᠠᠢ ᠪᠠᠶᠢᠭ᠎ᠠ ᠶᠤᠮ᠃ ᠪᠤᠢ ᠪᠦᠬᠦᠢ ᠦᠨᠳᠤᠰᠤᠳᠡᠨ ᠤ ᠦᠪᠡᠷᠳᠡᠭᠡᠨ ᠵᠠᠰᠠᠬᠤ ᠭᠠᠵᠠᠷ ᠤᠷᠤᠨ ᠴᠦᠮ ᠨᠠᠮ ᠤᠨ ᠤᠳᠤᠷᠢᠳᠤᠯᠭ᠎ᠠ ᠲᠤᠤᠷᠠᠬᠢ ᠭᠠᠵᠠᠷ ᠤᠷᠤᠨ᠂ ᠴᠦᠮ ᠪᠦᠬᠦ ᠤᠯᠤᠰ ᠤᠨ ᠦᠨᠳᠤᠰᠤᠳᠡᠨ ᠨᠦᠭᠦᠳ ᠤᠨ ᠠᠷᠠᠳ ᠲᠦᠮᠡᠨ ᠤ ᠬᠠᠮᠳᠤ ᠶᠢᠨ ᠭᠠᠵᠠᠷ ᠤᠷᠤᠨ ᠪᠤᠯᠤᠨ᠎ᠡ᠃ ᠦᠪᠡᠷᠳᠡᠭᠡᠨ ᠵᠠᠰᠬᠠᠤ ᠤᠷᠤᠨ ᠨᠤᠳᠤᠭ ᠤᠨ ᠬᠢᠨ ᠦᠪᠡᠷᠳᠡᠭᠡᠨ ᠵᠠᠰᠬᠠᠤ ᠡᠷᠭᠡ ᠶᠢ ᠭᠡᠷᠡᠭᠵᠢᠬᠦᠯᠬᠦ ᠳᠡᠭᠡᠨ ᠡᠷᠬᠡᠪᠰᠢ ᠤᠯᠤᠰ ᠤᠨ ᠦᠨᠳᠤᠰᠤᠨ ᠬᠠᠤᠯᠢ ᠬᠠᠤᠯᠢ ᠴᠠᠭᠠᠵᠠ ᠪᠠ ᠵᠠᠰᠠᠭ ᠤᠨ ᠵᠠᠷᠯᠢᠭ ᠢ ᠭᠡᠷᠡᠭᠵᠢᠬᠦᠯᠬᠦ ᠪᠠᠷ ᠤᠷᠢᠳᠠᠯ ᠪᠤᠯᠭᠠᠬᠤ ᠶᠢ ᠦᠨᠡᠨ ᠬᠦ ᠪᠠᠳᠤᠯᠠᠵᠤ᠂ ᠨᠡᠶᠢᠭᠡᠮ ᠵᠢᠷᠤᠮ ᠤᠨ ᠬᠠᠤᠯᠢ ᠲᠦᠷᠢᠮ ᠤᠨ ᠨᠢᠭᠡᠳᠤᠮᠠᠯ ᠴᠢᠨᠠᠷ ᠢ ᠬᠠᠮᠠᠭᠠᠯᠠᠬᠤ ᠭᠡᠷᠡᠭᠳᠠᠢ᠃ ᠴᠠᠭ ᠦᠶ᠎ᠡ ᠲᠠᠢ ᠵᠡᠷᠭᠡ ᠪᠠᠷ ᠤᠷᠤᠬᠰᠢᠯᠠᠵᠤ ᠦᠨᠳᠤᠰᠤᠳᠡᠨ ᠤ ᠲᠦᠷᠦ ᠶᠢᠨ ᠪᠤᠳᠤᠯᠭ᠎ᠠ ᠶᠢ ᠡᠮᠬᠢᠯᠡᠨ ᠦᠨᠡᠯᠡᠨ ᠵᠢᠱᠢᠬᠦ ᠪᠠ ᠲᠤᠬᠢᠷᠠᠭᠤᠯᠤᠨ ᠲᠡᠬᠦᠯᠳᠡᠷᠵᠢᠬᠦᠯᠵᠤ᠂ ᠦᠨᠳᠤᠰᠤᠳᠡᠨ ᠤ ᠡᠯᠧᠮᠧᠨ᠋ᠲ ᠪᠠ ᠤᠷᠤᠨ ᠪᠦᠰᠡ ᠶᠢᠨ ᠡᠯᠧᠮᠧᠨ᠋ᠲ ᠢ ᠤᠶᠠᠯᠳᠤᠭᠤᠯᠬᠤ ᠶᠢ ᠪᠠᠷᠢᠮᠳᠠᠯᠠᠵᠤ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠵᠤ᠂ ᠤᠨᠤᠴᠠᠳᠠᠢ ᠪᠠᠷ ᠠᠷᠭ᠎ᠠ ᠪᠤᠳᠤᠯᠭ᠎ᠠ ᠭᠡᠷᠡᠭᠵᠢᠬᠦᠯᠵᠤ᠂ ᠪᠤᠯᠭᠤᠮᠵᠢᠳᠠᠢ ᠯᠠᠪᠳᠠᠭᠤᠨ ᠢᠶᠠᠷ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
      ᠶᠢᠤ ᠴᠢᠤᠸᠠᠨ ᠪᠠᠷ᠎ᠡ ᠪᠤᠯᠵᠤ ᠪᠠᠶᠢᠴᠠᠭᠠᠨ ᠰᠤᠳᠤᠯᠵᠠᠢ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ