ᠮᠠᠨᠵᠤᠤᠷ ᠬᠤᠲᠠ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠬᠦᠷᠢᠶᠡᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠪᠣᠢ
ᠨᠡᠶᠢᠲᠡᠯᠡᠭᠰᠡᠨ ᠴᠠᠭ᠄
2021/4/15

     ᠡᠨᠡ ᠵᠢᠯ ᠠᠴᠠ ᠨᠠᠭᠠᠰᠢ᠂ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠳᠤ ᠪᠠᠨ ᠰᠠᠭᠤᠷᠢᠯᠠᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯ ᠰᠡᠳᠦᠪ ᠤᠨ ᠲᠣᠭᠤᠷᠢᠨ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠢᠳᠡᠪᠬᠢᠲᠡᠶ ᠪᠠᠷ ᠠᠵᠢᠯᠯᠠᠵᠤ᠂ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠬᠦᠷᠢᠶᠡᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮ ᠠᠷᠭ᠎ᠠ ᠬᠡᠮᠵᠢᠶ᠎ᠡ ᠶᠢ ᠦᠷᠭᠦᠯᠵᠢᠯᠡᠨ ᠲᠣᠭᠲᠠᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ  ︽ᠭᠦᠶᠦᠯᠲᠡ︾ ᠶᠢᠨ ᠲᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠪᠠᠷ ᠳᠡᠭᠡᠭᠰᠢᠯᠡᠭᠦᠯᠪᠡ᠃
     ᠤᠷᠢᠳᠴᠢᠯᠠᠨ ᠣᠷᠣᠯᠴᠠᠵᠤ᠂ ᠵᠠᠯᠭᠠᠯᠳᠤᠭᠤᠯᠤᠨ ᠬᠠᠪᠰᠤᠷᠤᠨ ᠲᠡᠳᠬᠦᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠣᠷᠴᠢᠨ ᠨᠦᠭᠦᠴᠡᠯ ᠢ ᠰᠢᠯᠢᠳᠡᠭᠵᠢᠭᠦᠯᠵᠡᠢ᠃ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠠᠮᠢᠶᠠᠷᠬᠤ ᠲᠡᠳᠬᠦᠬᠦ ᠶᠢ ᠵᠡᠷᠭᠡᠪᠡᠷ ᠴᠢᠬᠤᠯᠠᠴᠢᠯᠠᠵᠤ᠂ ᠦᠢᠯᠡᠴᠢᠯᠡᠬᠦ ᠶᠢ ᠲᠡᠷᠢᠭᠦᠨ ᠳᠤ ᠲᠠᠯᠪᠢᠬᠤ︾ ᠰᠢᠨ᠎ᠡ ᠣᠨᠣᠯᠵᠢᠬᠤᠨ ᠤ ᠲᠣᠭᠤᠷᠢᠨ ᠳᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠨᠡᠮᠡᠭᠳᠡᠭᠦᠯᠦᠨ᠂ ᠰᠢᠨ᠎ᠡ ᠪᠠᠷ ᠡᠷᠭᠢᠯᠡᠭᠰᠡᠨ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠢᠶᠠᠷ ᠪᠦᠷᠢᠯᠳᠦᠭᠰᠡᠨ ᠬᠠᠪᠰᠤᠷᠤᠨ ᠲᠡᠳᠬᠦᠬᠦ ᠳᠤᠭᠤᠶᠢᠯᠠᠩ ᠢ ᠪᠠᠶᠢᠭᠤᠯᠤᠨ᠂ ᠤᠷᠢᠳᠴᠢᠯᠠᠨ ᠣᠷᠣᠯᠴᠠᠬᠤ᠂ ᠦᠢᠯᠡᠳᠪᠦᠷᠢ ᠶᠢᠨ ᠲᠣᠭᠤᠷᠢᠭ ᠤᠨ ᠲᠥᠯᠥᠪᠵᠢᠭᠦᠯᠭᠡ᠂ ᠦᠢᠯᠡᠳᠪᠦᠷᠢ ᠶᠢᠨ ᠲᠠᠰᠤᠭ ᠤᠨ ᠪᠠᠶᠢᠷᠢᠰᠢᠭᠤᠯᠤᠯᠲᠠ᠂ ᠭᠠᠷ ᠤᠷᠠᠯᠠᠯ ᠤᠨ ᠴᠤᠪᠤᠷᠠᠯ᠂ ᠲᠣᠨᠤᠭ ᠲᠥᠬᠦᠭᠡᠷᠦᠮᠵᠢ ᠤᠭᠰᠠᠷᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠬᠠᠪᠰᠤᠷᠤᠨ ᠲᠡᠳᠬᠦᠬᠦ ᠪᠠ ᠵᠢᠭᠠᠨ ᠵᠢᠯᠣᠭᠤᠳᠤᠯᠭ᠎ᠠ ᠬᠢᠵᠦ᠂ ᠠᠵᠤ ᠠᠬᠤᠶᠢᠯᠠᠯ ᠤᠨ ᠲᠣᠭᠤᠷᠢᠭᠤ ᠵᠠᠮ ᠶᠠᠪᠤᠬᠤ ᠠᠴᠠ ᠵᠠᠶᠢᠯᠠᠰᠬᠢᠵᠦ᠂ ᠴᠢᠬᠤᠯᠠ ᠪᠤᠰᠤ ᠪᠠᠯᠠ ᠣᠷᠣᠭᠤᠯᠤᠯᠲᠠ ᠪᠠ ᠴᠠᠭ ᠢ ᠪᠦᠷᠢᠯᠭᠡᠬᠦ ᠶᠢ ᠪᠠᠭᠠᠰᠬᠠᠪᠠ᠃
     ᠬᠠᠮᠢᠶᠠᠷᠤᠯᠲᠠ ᠶᠢ ᠵᠢᠷᠤᠮᠵᠢᠭᠤᠯᠤᠨ᠂ ᠬᠡᠪ ᠴᠢᠨᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠳᠣᠲᠣᠭᠠᠳᠤ ᠡᠵᠡᠮᠳᠡᠯ ᠤᠨ ᠣᠷᠴᠢᠨ ᠨᠥᠬᠦᠴᠡᠯ ᠢ ᠰᠢᠯᠢᠳᠡᠭᠵᠢᠭᠦᠯᠵᠡᠢ᠃ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠦᠷᠢᠮ ᠤᠨ ᠥᠯᠢᠭᠡᠷ ᠳᠡᠪᠲᠡᠷ᠂ ᠡᠬᠡ ᠲᠠᠩᠰᠠ ᠶᠢᠨ ᠬᠡᠪ ᠵᠠᠭᠪᠤᠷ ᠢ ᠦᠨ᠎ᠡ ᠲᠥᠯᠥᠪᠦᠷᠢ ᠥᠬᠡᠶ ᠪᠠᠷ ᠬᠠᠩᠭᠠᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠤᠨ ᠤᠯᠤᠰ ᠤᠨ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ᠰᠣᠩᠭᠤᠨ ᠰᠢᠯᠭᠠᠬᠤ ᠰᠢᠯᠭᠠᠯᠲᠠ ᠳᠤ ᠣᠷᠣᠯᠴᠠᠭᠤᠯᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠷᠢ ᠲᠥᠪᠰᠢᠨ ᠪᠠ ᠦᠢᠯᠡᠳᠬᠦᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
     ᠴᠢᠩᠭ᠎ᠠ ᠬᠢᠨᠠᠨ ᠬᠠᠮᠢᠶᠠᠷᠴᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠵᠡᠢ᠃ ᠬᠠᠤᠯᠢ ᠬᠡᠷᠡᠭᠵᠢᠭᠦᠯᠦᠯᠲᠡ ᠶᠢ ᠳᠠᠩᠰᠠᠯᠠᠵᠦ᠂ ᠰᠢᠳᠬᠡᠯ ᠢ ᠬᠢᠨᠠᠨ ᠬᠠᠷᠭᠤᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠲᠣᠭᠲᠠᠭᠠᠵᠦ᠂ ᠠᠵᠤ ᠠᠬᠤᠶᠢᠯᠠᠯ ᠤᠨ ᠡᠵᠡᠩᠨᠡᠯᠲᠡ ᠳᠤ ᠦᠵᠡᠭᠦᠯᠬᠦ ᠵᠤᠬᠢᠰ ᠦᠭᠡᠢ ᠬᠠᠷᠰᠢᠯᠠᠯ ᠢ ᠪᠠᠭᠠᠰᠬᠠᠨ᠂ ᠴᠢᠯᠥᠭᠡᠲᠡᠶ ᠪᠠᠷ ᠲᠠᠰᠤᠯᠤᠯᠲᠠ ᠬᠢᠬᠦ ᠶᠢ ᠵᠢᠷᠤᠮᠵᠢᠭᠤᠯᠵᠤ᠂ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ ᠬᠠᠤᠯᠢ ᠬᠡᠷᠡᠭᠵᠢᠭᠦᠯᠬᠦ᠂ ᠬᠡᠷᠡᠭ ᠢ ᠢᠯᠡ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠦᠢᠯ ᠤᠨ ᠣᠨᠣᠪᠴᠢᠲᠤ ᠴᠢᠨᠠᠷ᠂ ᠬᠠᠨᠳᠤᠯᠭᠠᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ