ᠠᠯᠠᠱᠠ ᠠᠶᠢᠮᠠᠭ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶᠎ ᠶᠢᠨ ᠪᠠᠭᠰᠢ ᠨᠠᠷ ᠤᠨ ᠨᠡᠶᠢᠲᠡᠯᠢᠭ ᠬᠡᠯᠡᠨ ᠤ ᠪᠣᠯᠪᠠᠰᠤᠷᠠᠯ ᠰᠢᠯᠭᠠᠯᠲᠠ ᠶᠢᠨ ᠠᠵᠢᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2021/4/16

     2021 ᠣᠨ ᠤ 3 ᠳ᠋ᠤᠭᠠᠷ ᠰᠠᠷ᠎ᠠ ᠶᠢᠨ 2᠎ ᠤᠨ ᠡᠳᠦᠷ ᠠᠴᠠ 4 ᠳ᠋ᠦ᠋ᠭᠡᠷ ᠰᠠᠷ᠎ᠠ ᠶᠢᠨ 12᠎ ᠤᠨ ᠡᠳᠦᠷ ᠪᠣᠯᠲᠠᠯ᠎ᠠ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶᠎ ᠨᠤᠭᠤᠳ ᠤᠨ ᠪᠠᠭᠰᠢ ᠨᠠᠷ ᠤᠨ ᠨᠡᠶᠢᠲᠡᠯᠢᠭ ᠬᠡᠯᠡᠨ ᠤ ᠪᠣᠯᠪᠠᠰᠤᠷᠠᠯ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠡᠢ᠃
     ᠲᠣᠰ ᠤᠳᠠᠭᠠᠨ ᠤ ᠨᠡᠶᠢᠲᠡᠯᠢᠭ ᠬᠡᠯᠡᠨ ᠤ ᠪᠣᠯᠪᠠᠰᠤᠷᠠᠯ ᠰᠢᠯᠭᠠᠯᠲᠠ ᠳᠤ ᠪᠥᠬᠦ ᠠᠶᠢᠮᠠᠭ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶᠎ ᠨᠤᠭᠤᠳ ᠤᠨ ᠠᠵᠢᠯ ᠤᠨ ᠪᠠᠶᠢᠷᠢᠨ ᠳᠤ ᠪᠠᠶᠢᠭ᠎ᠠ ᠪᠠᠭᠰᠢ ᠨᠠᠷ ᠤᠨ ᠳᠣᠲᠣᠷᠠᠬᠢ ᠨᠡᠶᠢᠲᠡᠯᠢᠭ ᠬᠡᠯᠡᠨ ᠤ ᠬᠢᠷᠢ ᠬᠡᠮᠵᠢᠶ᠎ᠡ ᠭᠤᠷᠪᠠᠳᠤᠭᠠᠷ ᠳᠡᠰ ᠤᠨ ᠬᠥᠬᠡ ᠲᠠᠰ ᠠᠴᠠ ᠳᠣᠷᠣᠭᠰᠢᠬᠢ ᠪᠠ ᠨᠡᠶᠢᠲᠡᠯᠢᠭ ᠬᠡᠯᠡᠨ ᠤ ᠬᠢᠷᠢ ᠬᠡᠮᠵᠢᠶᠡᠨ ᠤ ᠵᠡᠷᠭᠡ ᠳᠡᠰ ᠤᠨ ᠦᠨᠡᠮᠯᠡᠯ ᠣᠯᠤᠭᠠᠳᠤᠶ 319 ᠪᠠᠭᠰᠢ ᠨᠡᠷ᠎ᠡ ᠮᠡᠳᠡᠭᠦᠯᠵᠦ ᠣᠷᠤᠯᠴᠠᠭᠰᠠᠨ ᠪᠠᠶᠢᠨ᠎ᠠ᠃ ᠪᠣᠯᠪᠠᠰᠤᠷᠠᠯ ᠰᠢᠯᠭᠠᠯᠲᠠ ᠪᠠᠷ ᠳᠡᠮᠵᠢᠨ ᠬᠤᠶᠠᠳᠤᠭᠠᠷ ᠳᠡᠰ ᠤᠨ ᠬᠥᠬᠡ ᠲᠠᠰ ᠤᠨ ᠦᠨᠡᠮᠯᠡᠯ ᠢ 52 ᠬᠥᠮᠦᠨ᠂ ᠬᠤᠶᠠᠳᠤᠭᠠᠷ ᠳᠡᠰ ᠤᠨ ᠬᠥᠬᠡᠭᠴᠢᠨ ᠲᠠᠰ ᠤᠨ ᠦᠨᠡᠮᠯᠡᠯ ᠢ 190 ᠬᠥᠮᠦᠨ᠂ ᠭᠤᠷᠪᠠᠳᠤᠭᠠᠷ ᠳᠡᠰ ᠤᠨ ᠬᠥᠬᠡ ᠲᠠᠰ ᠤᠨ ᠦᠨᠡᠮᠯᠡᠯ ᠢ 75 ᠬᠥᠮᠦᠨ ᠣᠯᠵᠤ᠂ ᠭᠤᠷᠪᠠᠳᠤᠭᠠᠷ ᠳᠡᠰ ᠤᠨ ᠬᠥᠬᠡ ᠲᠠᠰ ᠵᠢᠴᠢ ᠲᠡᠭᠦᠨ ᠠᠴᠠ ᠳᠡᠭᠡᠭᠰᠢᠬᠢ ᠦᠨᠡᠮᠯᠡᠯ ᠢ 317 ᠬᠥᠮᠦᠨ ᠣᠯᠵᠤ᠂ ᠬᠠᠷᠢᠴᠠᠯ ᠨᠢ 99.37%᠎ ᠳᠤ ᠬᠦᠷᠴᠡᠶ᠃
     ᠲᠣᠰ ᠤᠳᠠᠭᠠᠨ ᠤ ᠪᠣᠯᠪᠠᠰᠤᠷᠠᠯ ᠰᠢᠯᠭᠠᠯᠲᠠ ᠨᠢ ᠠᠯᠠᠱᠠ ᠠᠶᠢᠮᠠᠭ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠨᠤᠭᠤᠳ ᠤᠨ ᠪᠠᠭᠰᠢ ᠨᠠᠷ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠬᠡᠷᠡᠭᠯᠡᠬᠦ ᠬᠢᠷᠢ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ