ᠪᠤᠭᠤᠲᠤ ᠬᠤᠲᠠ ᠳᠡᠭᠡᠳᠦ ᠲᠠᠰ ᠤᠨ ᠴᠢᠳᠠᠪᠤᠷᠢᠲᠠᠳ ᠤᠨ ᠦᠶᠯᠡᠴᠢᠯᠡᠭᠡᠨ ᠤ ᠰᠠᠭᠠᠳ ᠥᠬᠡᠶ ᠨᠡᠪᠲᠡᠷᠡᠬᠦ ᠵᠠᠮ ᠢ ᠢᠳᠡᠪᠬᠢᠲᠡᠶ ᠪᠠᠶᠢᠭᠤᠯᠵᠤ ᠳᠡᠭᠡᠳᠦ ᠲᠡᠰ ᠤᠨ ᠴᠢᠳᠠᠪᠤᠷᠢᠲᠠᠳ ᠤᠨ ︽ᠨᠢᠭᠡ ᠡᠭᠦᠳᠡ ᠪᠠᠷ ᠣᠷᠣᠵᠤ᠂ ᠪᠦᠬᠦ ᠠᠵᠢᠯ ᠢ ᠭᠦᠢᠴᠡᠳᠬᠡᠬᠦ︾᠎ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/4/19

     ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠴᠢᠳᠠᠪᠤᠷᠢᠲᠠᠨ ᠤ ᠣᠷᠴᠢᠨ‌ᠨᠥ᠋ᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨ᠎ᠡ ᠶᠢ ᠡᠭᠦᠳᠴᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ︽ᠳᠥᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾᠎ ᠤᠨ ᠪᠦᠲᠦᠭᠡᠨ ᠪᠠᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠪᠤᠭᠤᠲᠤ ᠶᠢ ᠲᠦᠷᠭᠡᠨ ᠪᠦᠲᠦᠭᠡᠨ ᠪᠠᠶᠢᠭᠤᠯᠬᠤ ᠶᠢᠨ ᠲᠤᠰᠠᠳᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠳ ᠤᠨ ᠦᠶᠯᠡᠴᠢᠯᠡᠭᠡᠨ ᠤ ᠴᠣᠩᠬᠤᠪᠴᠢ ᠭᠠᠷᠭᠠᠵᠤ᠂ ︽ᠨᠢᠭᠡ ᠴᠣᠭᠴᠠᠵᠢᠭᠤᠯᠤᠭᠰᠠᠨ ᠦᠶᠯᠡᠴᠢᠯᠡᠭᠡ᠂ ᠪᠥᠬᠦ ᠶᠠᠪᠤᠴᠠ ᠳᠤ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ︾ ᠦᠶᠯᠡᠴᠢᠯᠡᠭᠡᠨ ᠤ ᠲᠣᠭᠲᠠᠴᠠ ᠶᠢ ᠪᠠᠶᠢᠭᠤᠯᠤᠨ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠳ ᠤᠨ ᠭᠤᠶᠤᠴᠢᠯᠠᠯ ᠪᠠ ᠬᠦᠰᠡᠯ ᠱᠠᠭᠠᠷᠳᠠᠯᠭ᠎ᠠ ᠶᠢ ᠨᠢᠭᠡ ᠯᠠ ᠴᠣᠩᠬᠤᠪᠴᠢ ᠪᠠᠷ ᠨᠢᠭᠡᠳᠦᠯᠲᠡᠶ ᠭᠥᠯᠢᠶᠡᠨ ᠠᠪᠴᠤ ᠭᠦᠢᠴᠡᠳᠬᠡᠵᠦ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠳ ᠤᠨ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠳᠤ ᠥᠨᠳᠥᠷ ᠪᠦᠲᠦᠮᠵᠢᠲᠡᠶ᠂ ᠳᠥᠭᠦᠮ ᠳᠥᠲᠡ᠂ ᠴᠢᠨᠠᠷ ᠰᠠᠶᠢᠲᠠᠶ ᠦᠶᠯᠡᠴᠢᠯᠡᠭᠡ ᠬᠠᠩᠭᠠᠵᠤ ᠪᠠᠶᠢᠨ᠎ᠠ᠃
     ᠨᠢᠭᠡ ᠳᠤ ︽ᠪᠤᠭᠤᠲᠤ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠦᠷᠢᠲᠠᠳ ᠢ ᠬᠢᠨᠠᠨ ᠵᠥᠪᠰᠢᠶᠡᠷᠡᠬᠦ ︿ᠰᠠᠭᠠᠳ ᠥᠬᠡᠶ ᠨᠡᠪᠲᠡᠷᠡᠬᠦ ᠵᠠᠮ﹀᠎ ᠤᠨ ᠨᠡᠭᠡᠭᠡᠯᠲᠡ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶᠎ ︾ ᠪᠠ ︽ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠳ ᠤᠨ ᠦᠶᠯᠡᠴᠢᠯᠡᠭᠡᠨ ᠤ ᠴᠤᠪᠤᠷᠠᠯ ᠤᠨ ᠵᠢᠷᠤᠭ︾᠎ ᠢ ᠨᠡᠶᠢᠲᠡᠯᠡᠭᠰᠡᠨ ᠮᠥᠷᠲᠡᠭᠡᠨ ᠬᠤᠰᠢᠭᠤ ᠰᠢᠶᠠᠨ ᠲᠣᠭᠤᠷᠢᠭ᠂ ᠡᠯ᠎ᠡ ᠬᠤᠰᠢᠭᠤ ᠰᠢᠶᠠᠨ ᠲᠣᠭᠤᠷᠢᠭ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ︵ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ︶᠎ ᠳᠤ ︽ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠳ ᠢ ᠬᠢᠨᠠᠨ ᠵᠥᠪᠰᠢᠶᠡᠷᠡᠬᠦ ︿ᠰᠠᠭᠠᠳ ᠥᠬᠡᠶ ᠨᠡᠪᠲᠡᠷᠡᠬᠦ ᠵᠠᠮ﹀᠎ ᠤᠨ ᠨᠡᠭᠡᠭᠡᠯᠲᠡ ᠶᠢᠨ ᠬᠡᠷᠡᠭᠵᠢᠭᠦᠯᠬᠦ ᠠᠷᠭ᠎ᠠ ︵ᠲᠤᠷᠰᠢᠨ

ᠬᠡᠷᠡᠭᠵᠢᠭᠦᠯᠬᠦ︶︾᠎ ᠶᠢᠨ ᠲᠤᠬᠠᠢ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠬᠤᠲᠠ ᠶᠢᠨ ᠲᠢᠩᠬᠢᠮ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠬᠤᠪᠢᠶᠠᠷᠢ ᠲᠢᠩᠬᠢᠮ ᠳᠤ ᠲᠣᠰ ᠲᠣᠰ ᠴᠢᠳᠠᠪᠤᠷᠢᠲᠠᠳ ᠤᠨ ︽ᠰᠠᠭᠠᠳ ᠥᠬᠡᠶ ᠨᠡᠪᠲᠡᠷᠡᠬᠦ ᠵᠠᠮ︾᠎ ᠢ ᠨᠡᠭᠡᠭᠡᠵᠡᠢ᠃
     ᠬᠤᠶᠠᠷ ᠲᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠳ ᠤᠨ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯ ᠭᠤᠶᠤᠴᠢᠯᠠᠬᠤ᠂ ᠠᠵᠤ ᠠᠬᠤᠶᠢᠯᠠᠯ ᠤᠨ ᠳᠠᠩᠰᠠᠯᠠᠯ ᠢᠶᠠᠨ ᠰᠣᠯᠢᠨ ᠥᠭᠡᠷᠡᠴᠢᠯᠡᠬᠦ ᠵᠡᠷᠭᠡ ᠲᠤᠬᠠᠶᠢᠯᠠᠭᠰᠠᠨ ᠠᠵᠢᠯ ᠳᠤ ᠨᠢ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠦᠷᠭᠡᠵᠡᠢ᠃ ᠭᠠᠶᠢᠯᠢ ᠳᠤ ᠬᠤᠯᠪᠣᠭᠳᠠᠬᠤ ᠵᠦᠶᠯᠡᠰ ᠢ ᠭᠦᠶᠴᠡᠳᠬᠡᠬᠦ ᠦᠶᠡᠰ ᠲᠤ᠂ ︽ᠨᠢᠭᠡ ᠨᠢᠭᠡ ᠪᠠᠷ ᠳᠠᠭᠠᠭᠠᠨ ᠠᠪᠬᠤ︾ ᠥᠪᠡᠷᠮᠢᠴᠡ ᠠᠰᠠᠭᠤᠨ ᠯᠠᠪᠯᠠᠬᠤ ᠦᠶᠯᠡᠴᠢᠯᠡᠭᠡ ᠬᠠᠩᠭᠠᠵᠤ᠂ ᠭᠠᠶᠢᠯᠢ ᠲᠤᠰᠢᠶᠠᠬᠤ ᠰᠠᠭᠠᠳ ᠥᠬᠡᠶ ᠨᠡᠪᠲᠡᠷᠡᠬᠦ ᠵᠠᠮ ᠤᠨ ᠦᠶᠯᠡᠴᠢᠯᠡᠭᠡ ᠬᠠᠩᠭᠠᠪᠠ᠃

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ