ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/19

      4 ᠰᠠᠷ᠎ᠠ ᠶᠢᠨ 15᠎ ᠤ ᠡᠳᠦᠷ ᠤᠨ ᠦᠳᠡ ᠶᠢᠨ ᠬᠤᠶᠢᠨ᠎ᠠ᠂ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠥᠬᠡᠬᠤᠲᠠ ᠳᠤ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ ᠪᠠᠶᠢᠨ᠎ᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠬᠤᠷᠠᠯ ᠢ ᠡᠷᠭᠢᠯᠡᠪᠡ᠃
      ᠬᠤᠷᠠᠯ ᠳᠤ ᠵᠢᠭᠠᠨ ᠭᠠᠷᠭᠠᠭᠰᠠᠨ ᠨᠢ᠂ ᠡᠨᠡ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠡᠬᠢᠯᠡᠯᠲᠡ ᠶᠢᠨ ᠵᠢᠯ ᠮᠥᠨ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠠᠴᠢ ᠬᠤᠯᠪᠣᠭᠳᠠᠯ ᠶᠡᠭᠡ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠣᠳᠣᠬᠠᠨ ᠤ ᠠᠶᠤᠯ ᠦᠭᠡᠢ ᠦᠢᠯᠡᠳᠪᠦᠷᠢᠯᠡᠯ ᠤᠨ ᠬᠦᠨᠳᠦ ᠨᠣᠴᠢᠲᠠᠢ ᠪᠠᠶᠢᠳᠠᠯ ᠢ ᠭᠦᠨᠵᠡᠭᠡᠢ ᠲᠠᠨᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠡᠢ᠃
      ᠬᠤᠷᠠᠯ ᠳᠤ ᠴᠢᠬᠤᠯᠠᠴᠢᠯᠠᠭᠰᠠᠨ ᠨᠢ᠂ ᠤᠢᠢᠷ᠎ᠠ ᠶᠢᠨ ᠬᠤᠭᠤᠴᠠᠭᠠᠨ ᠳᠠᠬᠢ ᠣᠷᠣᠨ ᠤ ᠳᠣᠲᠣᠨ᠎ᠠ ᠭᠠᠳᠠᠨᠠᠬᠢ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠪᠣᠭᠤᠮᠲᠠ ᠰᠢᠪᠲᠤᠯᠬᠤ ᠶᠢ ᠦᠷᠭᠦᠯᠵᠢᠯᠡᠨ ᠠᠬᠢᠭᠤᠯᠵᠤ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠤᠪᠤᠶᠢᠯᠭᠠᠨ ᠰᠠᠶᠢᠲᠤᠷ ᠠᠳᠬᠤᠵᠤ᠂ ᠬᠠᠤᠯᠢ ᠬᠡᠷᠡᠭᠵᠢᠭᠦᠯᠬᠦ ᠶᠢ ᠴᠢᠩᠭ᠎ᠠ ᠬᠢᠨᠠᠨ ᠬᠠᠮᠢᠶᠠᠷᠴᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ᠂ ᠬᠦᠨᠳᠦ ᠣᠨᠴᠠ ᠶᠡᠭᠡ ᠠᠳᠡᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠯ᠎ᠡ᠃
      ᠬᠤᠷᠠᠯ ᠳᠤ ᠱᠠᠭᠠᠷᠳᠠᠭᠰᠠᠨ ᠨᠢ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ ᠰᠢᠰᠲ᠋ᠧᠮ ᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠪᠡ᠃

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ