4 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠶᠡᠷᠦᠩᠬᠡᠢ ᠱᠦᠵᠢ | ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠶᠡᠭᠡ ᠪᠠᠷ ᠬᠡᠷᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠣᠭᠤᠷᠢᠨ ᠳᠤ 2021 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠱᠢ ᠲᠠᠢ ᠹᠧᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | | | | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ | ᠨᠥᠬᠦᠳ ᠪᠣᠯᠤᠨ ᠰᠢᠭᠦᠬᠦ ᠬᠤᠷᠢᠶᠠᠨ ᠤ ᠳᠠᠷᠤᠭ᠎ᠠ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠶ᠃ | | | | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠰᠢᠤᠢ ᠨᠠᠨ ᠫᠢᠩ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠬᠤ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠪᠡ᠃ ᠮᠡᠳᠡᠭᠦᠯᠦᠯᠲᠡ ᠳᠤ | ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠴᠢᠬᠤᠯᠠ ᠥᠭᠦᠯᠡᠯᠲᠡ ᠳᠤ ᠭᠦᠨᠵᠡᠭᠡᠶ ᠲᠠᠶᠢᠯᠤᠮᠵᠢ | ᠬᠢᠵᠦ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠳᠠᠯ ᠢ ᠭᠦᠨᠵᠡᠭᠡᠶ | ᠵᠠᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠭᠤᠤᠯ ᠰᠢᠪᠲᠤᠯᠤᠯᠲᠠ ᠶᠢᠨ ᠴᠢᠭᠯᠡᠯ ᠪᠠ ᠭᠤᠤᠯᠳᠠᠯᠭ᠎ᠠ ᠲᠠᠢ | ᠡᠭᠦᠷᠭᠡ ᠶᠢ ᠪᠥᠬᠦ ᠲᠠᠯ᠎ᠠ ᠪᠠᠷ ᠲᠣᠳᠣᠷᠬᠠᠶᠢᠯᠠᠨ ᠥᠭᠦᠯᠡᠭᠰᠡᠨ ᠪᠥᠭᠡᠳ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠮᠠᠰᠢ ᠴᠢᠩᠭ᠎ᠠ ᠴᠢᠭᠯᠡᠭᠦᠯᠦᠯᠲᠦ | ᠴᠢᠨᠠᠷ ᠪᠠ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ | ᠱᠢ ᠲᠠᠢ ᠹᠸᠩ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠰᠠᠨ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ ᠪᠣᠯ ᠦᠨᠳᠦᠰᠦᠨ ᠭᠠᠷᠬᠤ ᠵᠠᠮ᠂ ᠵᠠᠩᠭᠢᠯᠠᠭ᠎ᠠ ᠶᠢᠨ ᠲᠤᠯᠭᠠᠭᠤᠷᠢᠯᠠᠯ ᠪᠣᠯᠤᠨ᠎ᠠ᠃ | ᠡᠯ᠎ᠡ ᠱᠠᠲᠤᠨ ᠤ ᠬᠢᠨ ᠤᠬᠠᠮᠰᠠᠷ ᠠᠴᠠ ᠪᠠᠨ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠲᠠᠨᠢᠵᠤ ᠡᠵᠡᠮᠰᠢᠵᠥ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠥ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠢ ᠭᠦᠨᠵᠡᠭᠡᠶ ᠲᠠᠨᠢᠵᠥ᠂ ᠰᠢᠨ᠎ᠡ ᠶᠢ ᠡᠭᠦᠳᠬᠦ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ᠂ | ᠰᠢᠨ᠎ᠡ ᠶᠢ ᠡᠭᠦᠳᠬᠦ ᠶᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠪᠠᠨ ᠰᠦᠪᠡᠭᠴᠢᠯᠡᠵᠥ ᠪᠠᠶᠢᠭ᠎ᠠ ᠶᠠᠪᠤᠳᠠᠯ ᠪᠤᠯᠬᠤ ᠪᠠ ᠬᠡᠳᠤᠢ ᠬᠥᠭᠵᠢᠭᠡᠳᠦᠢ ᠭᠠᠵᠠᠷ ᠣᠷᠣᠨ ᠳᠤ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠳᠡᠳᠤᠢ ᠢᠯᠡᠭᠦᠦ ᠬᠡᠷᠡᠭᠵᠢᠭᠦᠯᠬᠦ ᠶᠢ ᠱᠠᠭᠠᠷᠳᠠᠬᠤ ᠤᠬᠠᠮᠰᠠᠷ ᠢᠶᠠᠨ | ᠴᠢᠩᠭᠠᠳᠬᠠᠵᠥ᠂ ᠲᠦᠭᠰᠢᠭᠦᠷᠢᠲᠦ ᠰᠡᠳᠬᠢᠯᠭᠡ ᠪᠠ ᠪᠠᠴᠢᠮ ᠲᠤᠯᠭᠠᠮ ᠰᠡᠳᠬᠢᠯᠬᠡ ᠪᠠᠨ ᠨᠡᠮᠡᠭᠳᠡᠭᠦᠯᠵᠥ᠂ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠤᠨ᠂ ᠪᠣᠭᠤᠮᠲᠠ | ᠰᠢᠪᠲᠤᠯᠬᠤ ᠡᠷᠴᠢᠮ ᠢᠶᠠᠨ ᠴᠢᠩᠭᠠᠷᠠᠭᠤᠯᠵᠥ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ | ᠨᠠᠷᠢᠯᠢᠭ ᠠᠳᠬᠤᠵᠥ᠂ ᠮᠠᠨ ᠤ ᠣᠷᠣᠨ ᠤ ᠬᠥᠭᠵᠢᠯᠲᠡ ᠶᠢ ᠡᠯᠧᠮᠧᠨ᠋ᠲ ᠢᠶᠠᠷ ᠬᠥᠳᠡᠯᠭᠡᠭᠦᠷ ᠪᠣᠯᠭᠠᠬᠤ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠬᠥᠳᠡᠯᠭᠡᠬᠦᠷ | ᠪᠤᠯᠭᠠᠬᠤ ᠪᠠᠷ ᠭᠤᠣᠯ ᠪᠣᠯᠭᠠᠵᠤ ᠪᠠᠶᠢᠭᠰᠠᠨ ᠢ ᠰᠢᠨ᠎ᠡ ᠶᠢ ᠡᠭᠦᠳᠬᠦ ᠪᠠᠷ ᠬᠦᠳᠡᠯᠬᠡᠬᠦᠷ ᠪᠤᠯᠭᠠᠬᠤ ᠲᠡᠶᠢᠰᠢ ᠳᠦᠷᠬᠡᠪᠴᠢᠯᠡᠨ ᠬᠤᠪᠢᠷᠠᠭᠤᠯᠬᠤ ᠶᠢ ᠠᠬᠢᠭᠤᠯᠬᠤ ᠬᠡᠷᠡᠭᠳᠡᠢ | ᠬᠡᠵᠥ ᠵᠢᠭᠠᠵᠥ ᠭᠠᠷᠭᠠᠪᠠ᠃ | ᠱᠢ ᠲᠠᠢ ᠹᠸᠩ᠂ ᠰᠢᠨ᠎ᠡ ᠶᠢ ᠡᠭᠦᠳᠬᠦ ᠰᠡᠳᠬᠢᠴᠡ ᠪᠠᠷ ᠰᠢᠨ᠎ᠡ ᠶᠢ ᠡᠭᠦᠳᠬᠦ ᠬᠥᠭᠵᠢᠯᠲᠡ ᠶᠢ ᠠᠳᠬᠤᠬᠤ ᠶᠢ ᠪᠠᠷᠢᠮᠲᠠᠯᠠᠵᠤ᠂ ᠵᠠᠷᠢᠮ ᠢ ᠨᠢ ᠬᠢᠵᠦ ᠵᠠᠷᠢᠮ ᠢ ᠨᠢ | ᠬᠢᠬᠦ ᠦᠭᠡᠢ ᠪᠠᠶᠢᠬᠤ ᠶᠢ ᠪᠠᠷᠢᠮᠲᠠᠯᠠᠬᠤ ᠭᠡᠷᠡᠭᠳᠠᠢ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠤ᠂ ᠭᠤᠤᠯ ᠰᠢᠪᠲᠤᠯᠤᠯᠲᠠ ᠶᠢᠨ ᠴᠢᠭᠯᠡᠯ ᠢ | ᠲᠣᠳᠣᠷᠬᠠᠶᠢᠯᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠴᠢᠩᠭ᠎ᠠ ᠡᠵᠡᠮᠳᠡᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠣᠳᠣ ᠶᠢᠨ | ᠪᠠᠶᠢᠭ᠎ᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠢ ᠳᠣᠪᠤᠶᠢᠯᠭᠠᠵᠤ᠂ ᠲᠡᠭᠡᠳᠤ ᠲᠡᠰᠵᠢᠭᠰᠡᠨ᠂ ᠤᠶᠤᠨᠴᠢᠯᠠᠬᠰᠡᠨ᠂ | ᠪᠣᠬᠢᠷᠲᠤᠯ ᠦᠭᠡᠢ ᠬᠦᠭᠵᠢᠯᠳᠠ ᠶᠢᠨ ᠴᠢᠭᠯᠡᠯ ᠲᠠᠶᠢᠰᠢ ᠤᠨᠢᠯᠠᠵᠤ᠂ ᠬᠤᠯᠪᠣᠭᠳᠠᠯ ᠪᠦᠬᠦᠢ ᠠᠵᠤ ᠦᠢᠯᠡᠰ ᠤᠨ ᠮᠡᠷᠭᠡᠵᠢᠯ᠂ ᠡᠵᠡᠩᠨᠡᠯᠳᠠ ᠶᠢᠨ ᠪᠠᠶᠢᠳᠠᠯ᠂ ᠵᠠᠭᠪᠤᠷ | ᠵᠡᠷᠭᠡ ᠶᠢᠨ ᠰᠢᠨ᠎ᠡ ᠶᠢ ᠡᠬᠦᠳᠬᠦ ᠶᠢ ᠴᠢᠭᠯᠡᠬᠦᠯᠦᠯᠳᠤ ᠴᠢᠨᠠᠷᠳᠠᠢ ᠪᠠᠷ ᠠᠬᠢᠭᠤᠯᠵᠤ᠂ ᠣᠨᠴᠠᠯᠢᠭᠲᠤ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ | ᠭᠤᠤᠯᠳᠠᠯᠭ᠎ᠠ ᠲᠠᠢ ᠪᠠᠶᠢᠷᠢᠰᠢᠭᠤᠯᠤᠨ ᠪᠠᠶᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠢᠷ ᠠᠰᠠᠭᠤᠳᠠᠯ ᠢ | ᠰᠢᠢᠳᠪᠦᠷᠢᠯᠡᠬᠦ ᠠᠵᠢᠯ ᠢ ᠭᠦᠨᠵᠡᠭᠡᠢ ᠬᠡᠷᠡᠭᠵᠢᠭᠦᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ | ᠪᠠᠶᠢᠷᠢ ᠰᠠᠭᠤᠷᠢ ᠶᠢ ᠴᠢᠩᠭᠠᠳᠬᠠᠵᠤ᠂ ᠳᠡᠭᠡᠳᠤ ᠰᠢᠨ᠎ᠡ ᠮᠡᠷᠭᠡᠵᠢᠯ ᠤᠨ ᠬᠦᠷᠢᠶᠡᠯᠡᠩ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠣᠪᠤᠶᠢᠯᠭᠠᠨ ᠰᠠᠶᠢᠲᠤᠷ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ | ᠲᠠᠰᠤᠷᠠᠯᠲᠠ ᠥᠬᠡᠶ ᠪᠤᠶᠢᠵᠢᠭᠤᠯᠤᠨ ᠪᠤᠵᠠᠭᠠᠶᠢᠷᠠᠭᠤᠯᠬᠤ ᠭᠡᠷᠡᠭᠳᠠᠢ᠃ ᠰᠢᠨ᠎ᠡ ᠶᠢ ᠡᠭᠦᠳᠬᠦ ᠠᠮᠢ ᠠᠬᠤᠢ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢᠨ ᠪᠦᠬᠦᠯᠢ ᠴᠣᠭᠴᠠ ᠶᠢ ᠴᠡᠪᠡᠷᠰᠢᠬᠦᠯᠬᠦ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠠᠢ ᠤᠶᠠᠯᠳᠤᠭᠤᠯᠤᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠨᠡᠭᠡᠭᠡᠯᠲᠡ ᠬᠢᠵᠦ ᠬᠠᠮᠲᠤᠷᠠᠯᠴᠠᠬᠤ ᠳᠡᠭᠡᠷ᠎ᠡ | ᠬᠦᠴᠦ ᠲᠠᠯᠪᠢᠵᠤ᠂ ᠰᠢᠨ᠎ᠡ ᠶᠢ ᠡᠭᠦᠳᠬᠦ ᠳᠠᠯᠳᠠ ᠬᠦᠴᠦᠨ ᠢ ᠪᠦᠲᠦᠮᠵᠢᠲᠡᠢ ᠪᠠᠳᠠᠷᠠᠭᠤᠯᠵᠤ᠂ ᠰᠢᠨ᠎ᠡ ᠶᠢ ᠡᠭᠦᠳᠬᠦ ᠡᠯᠧᠮᠧᠨ᠋ᠲ ᠢ ᠲᠥᠪᠯᠡᠷᠡᠭᠦᠯᠦᠨ᠂ ᠰᠢᠨ᠎ᠡ ᠶᠢ | ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠬᠦ ᠬᠡᠷᠡᠭᠲᠡᠢ᠃ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢᠨ | ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠪᠠᠷ ᠬᠠᠲᠠᠭᠤ ᠡᠭᠦᠷᠭᠡ ᠪᠣᠯᠭᠠᠵᠤ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠠᠳᠠᠭᠤ ᠴᠢᠨᠠᠷ ᠪᠦᠬᠦᠢ ᠨᠡᠮᠡᠭᠳᠡᠯ ᠤᠨ ᠲᠣᠭᠲᠠᠴᠠ ᠪᠠ ᠨᠡᠶᠢᠭᠡᠮ ᠤᠨ ᠤᠯᠠᠨ ᠠᠷᠭ᠎ᠠ ᠵᠠᠮ ᠪᠦᠬᠦᠢ ᠪᠡᠯᠡ | ᠣᠷᠣᠭᠤᠯᠤᠯᠲᠠ ᠶᠢ ᠤᠷᠮᠠᠰᠢᠭᠤᠯᠬᠤ ᠲᠣᠭᠲᠠᠴᠠ ᠶᠢ ᠱᠠᠯᠠᠪᠳᠠᠭᠤᠯᠤᠨ ᠪᠠᠶᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠪᠠᠨ | ᠨᠡᠮᠡᠭᠳᠡᠭᠦᠯᠬᠦ ᠶᠢ ᠳᠡᠮᠵᠢᠵᠤ᠂ ᠮᠥᠩᠭᠦᠨ ᠭᠦᠢᠯᠭᠡᠭᠡᠨ ᠤ ᠬᠦᠷᠦᠩᠭᠡ ᠪᠠ ᠠᠷᠠᠳ ᠤᠨ ᠬᠦᠷᠦᠩᠭᠡ ᠶᠢ ᠬᠦᠳᠦᠯᠦᠨ ᠵᠢᠯᠣᠭᠤᠳᠴᠤ ᠰᠢᠨ᠎ᠡ ᠶᠢ ᠡᠭᠦᠳᠬᠦ ᠬᠦᠷᠢᠶᠡᠨ ᠳᠤ | ᠣᠷᠣᠭᠤᠯᠬᠤ ᠬᠠᠲᠠᠭᠤ ᠠᠷᠭ᠎ᠠ ᠬᠡᠮᠵᠢᠶ᠎ᠡ ᠶᠢ ᠱᠠᠯᠠᠪᠳᠠᠭᠤᠯᠤᠨ ᠲᠣᠭᠲᠠᠭᠠᠵᠤ᠂ ᠴᠢᠨᠠᠬᠰᠢᠲᠠ ᠬᠠᠮᠳᠦ ᠶᠢᠨ ᠲᠠᠨᠢᠯᠲᠠ ᠶᠢ ᠨᠢᠬᠲᠠᠷᠠᠭᠤᠯᠣᠨ᠂ ᠦᠵᠡᠯ ᠰᠠᠨᠠᠭ᠎ᠠ ᠪᠠᠨ | ᠨᠢᠭᠡᠳᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠯᠢ ᠰᠢᠥ ᠯᠢᠩ᠂ ᠡᠯ᠎ᠡ ᠱᠠᠲᠦᠨ ᠤ ᠤᠯᠤᠰ ᠲᠦᠷᠦ ᠶᠢᠨ ᠵᠦᠪᠯᠡᠯᠬᠡᠨ ᠤ ᠵᠣᠬᠢᠶᠠᠨ ᠪᠠᠶᠢᠭᠤᠯᠣᠯᠳᠠ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ ᠴᠢᠳᠠᠪᠤᠷᠢ ᠪᠠᠨ ᠴᠢᠨᠠᠬᠰᠢᠲᠠ ᠳᠡᠭᠡᠭᠰᠢᠯᠡᠬᠦᠯᠵᠦ᠂ ᠤᠯᠤᠰ ᠲᠦᠷᠦ ᠶᠢᠨ ᠵᠦᠪᠯᠡᠯᠬᠡᠨ ᠤ | ᠦᠨᠳᠦᠰᠦᠲᠡᠨ ᠤ ᠠᠵᠢᠯ ᠤᠨ ᠤᠯᠤᠰ ᠲᠦᠷᠦ ᠶᠢᠨ ᠵᠤᠬᠰᠤᠴᠠ᠂ ᠵᠢᠯᠤᠭᠤᠳᠬᠤ ᠦᠵᠡᠯ ᠰᠠᠨᠠᠭ᠎ᠠ᠂ ᠠᠵᠢᠯ ᠤᠨ ᠰᠤᠷᠲᠠᠯ ᠪᠤᠯᠤᠨ ᠴᠢᠳᠠᠪᠤᠷᠢ ᠭᠡᠪ ᠪᠤᠯᠪᠠᠰᠤᠷᠠᠯ ᠤᠨ | ᠲᠠᠯ᠎ᠠ ᠪᠠᠷ ᠬᠢ ᠲᠤᠲᠠᠭᠤᠳᠠᠯ ᠪᠤᠯᠤᠨ ᠪᠠᠭᠤᠷᠠᠢ ᠳᠠᠯ᠎ᠠ ᠪᠠᠨ ᠬᠦᠨᠵᠡᠬᠡᠢ ᠲᠤᠩᠭᠠᠨ ᠡᠷᠬᠢᠴᠡᠭᠦᠯᠵᠦ᠂ ᠴᠡᠭᠴᠡᠯᠨᠨ ᠰᠠᠶᠢᠵᠢᠷᠠᠭᠤᠯᠬᠤ ᠠᠵᠢᠯ ᠢ ᠬᠢᠨᠠᠮᠠᠭᠠᠢ ᠰᠠᠶᠢᠳᠣᠷ | ᠠᠳᠬᠤᠵᠣ᠂ ᠦᠨᠳᠦᠰᠦᠲᠡᠨ ᠤ ᠠᠵᠢᠯ ᠢ ᠰᠠᠶᠢᠲᠤᠷ ᠬᠢᠬᠦ᠂ ᠦᠨᠳᠦᠰᠦᠲᠡᠨ ᠤ ᠬᠠᠷᠢᠴᠠᠭ᠎ᠠ ᠶᠢ ᠡᠶ᠎ᠡ ᠨᠠᠶᠢᠷᠰᠠᠭ ᠪᠣᠯᠭᠠᠬᠤ ᠶᠢ ᠠᠬᠢᠭᠤᠯᠬᠤ ᠲᠠᠯ᠎ᠠ ᠪᠠᠷ ᠤᠯᠤᠰ | ᠲᠦᠷᠦ ᠶᠢᠨ ᠵᠦᠪᠯᠡᠯᠬᠡᠨ ᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ᠃ ᠦᠷᠭᠡᠨ ᠤᠯᠠᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠤᠯᠤᠰ ᠤᠨ ᠲᠦᠯᠦᠭᠡ | ᠲᠤᠰᠢᠶᠠᠯ ᠢᠶᠠᠨ ᠬᠦᠢᠴᠡᠳᠬᠡᠬᠦ᠂ ᠠᠷᠠᠳ ᠤᠨ ᠲᠦᠯᠦᠭᠡ ᠬᠠᠷᠢᠭᠤᠴᠠᠯᠭ᠎ᠠ ᠪᠠᠨ ᠬᠦᠢᠴᠡᠳᠭᠡᠬᠦ ᠬᠠᠶᠢᠷ᠎ᠠ ᠰᠡᠳᠬᠢᠯᠭᠡ ᠶᠢ ᠪᠠᠷᠢᠮᠳᠠᠯᠠᠵᠦ᠂ ᠳᠤᠮᠳᠠᠳᠦ ᠶᠢᠨ | ᠦᠨᠳᠦᠰᠦᠲᠡᠨ ᠤ ᠬᠠᠮᠳᠦ ᠴᠤᠬᠴᠠ ᠶᠢᠨ ᠤᠬᠠᠮᠰᠠᠷ ᠢ ᠪᠠᠲᠦ ᠴᠤᠬᠴᠠᠯᠠᠬᠤ ᠳᠤᠮᠲᠠ ᠢᠳᠡᠪᠬᠢᠲᠡᠢ ᠦᠢᠯᠡᠳᠦᠯ ᠢᠶᠠᠨ ᠦᠵᠡᠬᠦᠯᠵᠦ᠂ ᠢᠮᠠᠭᠳᠠ ᠡᠬᠡ ᠤᠯᠤᠰ ᠤᠨ | ᠨᠢᠭᠡᠲᠦᠯ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠢᠳᠡᠪᠬᠢ ᠬᠦᠴᠦᠨ ᠪᠣᠯᠬᠤ ᠬᠡᠷᠡᠭᠲᠡᠢ ᠭᠡᠵᠦ ᠵᠢᠭᠠᠵᠣ ᠭᠠᠷᠭᠠᠪᠠ᠃ | | | | ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠠᠶᠢᠮᠠᠭ ᠬᠤᠲᠠ᠂ ᠬᠤᠰᠢᠭᠤ ᠰᠢᠶᠠᠨ ᠤ ᠤᠯᠤᠰ ᠲᠦᠷᠦ ᠶᠢᠨ ᠵᠦᠪᠯᠡᠯᠬᠡᠨ ᠬᠦᠷᠳᠡᠯ᠎ᠡ ᠬᠤᠷᠠᠯᠳᠤᠭᠤᠯᠵᠠᠢ᠃ |