ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶ᠎ᠠ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ  ᠱᠢ ᠲᠠᠢ ᠹᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2021/4/2
      4 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶ᠎ᠠ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠬᠤᠷᠢᠶ᠎ᠠ ᠶᠢᠨ 2020 ᠣᠨ ᠤ ᠠᠵᠢᠯ ᠤᠨ ᠳ᠋ᠦᠩᠨᠡᠯᠲᠡ ᠪᠣᠯᠤᠨ 2021 ᠣᠨ ᠤ ᠠᠵᠢᠯ ᠤᠨ ᠲᠤᠬᠢᠷᠠᠭᠤᠯᠤᠯᠳᠠ ᠶᠢ ᠬᠢᠨᠠᠨ ᠵᠦᠪᠯᠡᠵᠥ᠂ ᠭᠠᠳᠠᠭᠠᠳᠤ ᠶᠠᠪᠤᠳᠠᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶᠠᠨ ᠤ ᠳᠡᠳ᠋ ᠡᠷᠬᠢᠯᠡᠭᠴᠢ ᠯᠢᠨ ᠱᠤᠤ ᠴᠦᠨ ᠬᠤᠷᠠᠯ ᠳᠤ ᠣᠷᠣᠯᠴᠠᠵᠠᠢ᠃      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶ᠎ᠠᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠠᠳᠠᠭᠠᠳᠤ ᠶᠠᠪᠤᠳᠠᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠶᠡᠷᠦᠩᠬᠡᠶ ᠴᠤᠭᠴᠠ ᠶᠢᠨ ᠭᠠᠳᠠᠭᠠᠳᠤ ᠬᠠᠷᠢᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠳᠠᠭᠠᠵᠤ ᠲᠡᠭᠦᠨ ᠳᠤ ᠦᠢᠯᠡᠴᠢᠯᠡᠵᠦ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠦᠢᠯᠡᠴᠢᠯᠡᠵᠦ᠂ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠭᠠᠳᠠᠭᠠᠳᠤ ᠨᠡᠭᠡᠭᠡᠯᠲᠡ ᠬᠢᠬᠦ ᠭᠤᠤᠯᠳᠠᠯᠭ᠎ᠠ ᠲᠠᠢ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠤᠯᠪᠠ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠳᠠᠪᠬᠤᠴᠠᠭᠰᠠᠠ᠂ ᠮᠠᠨ ᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠠ ᠠᠬᠤᠢ ᠪᠠᠶᠢᠳᠠᠯ ᠳᠣᠣᠷ᠎ᠠ᠂ ᠭᠠᠳᠠᠭᠠᠳᠤ ᠶᠠᠪᠤᠳᠠᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠤᠬᠠᠮᠰᠠᠷ᠂ ᠪᠥᠬᠦ ᠲᠠᠯ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠤᠨ ᠭᠠᠳᠠᠭᠠᠳᠤ ᠬᠠᠷᠢᠯᠴᠠᠭᠠᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠪᠣᠯᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠨᠡᠨ ᠬᠦ ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠮᠠᠨ ᠤ ᠣᠷᠣᠨ ᠤ ᠭᠠᠳᠠᠭᠠᠳᠤ ᠬᠠᠷᠢᠯᠴᠠᠭᠠᠨ ᠤ ᠠᠵᠢᠯ ᠢ ᠤᠬᠠᠮᠰᠠᠷ ᠠᠴᠠ ᠪᠠᠨ ᠨᠠᠮ ᠪᠣᠯᠤᠨ ᠤᠯᠤᠰ ᠤᠨ ᠶᠡᠭᠡ ᠲᠠᠯ᠎ᠠ ᠳᠤ ᠲᠠᠯᠪᠢᠵᠤ ᠲᠥᠯᠥᠪᠵᠢᠭᠦᠯᠦᠨ ᠠᠬᠢᠭᠤᠯᠵᠤ᠂ ᠲᠥᠪ ᠠᠴᠠ ᠮᠠᠨ ᠤ ᠣᠷᠣᠨ ᠳᠤ ᠣᠯᠭᠤᠭᠰᠠᠨ ᠡᠯ᠎ᠡ ᠵᠦᠢᠯ ᠤᠨ ᠭᠠᠳᠠᠭᠠᠳᠤ ᠳᠤ ᠬᠤᠯᠪᠤᠬᠳᠠᠬᠰᠠᠨ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠳᠤ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠶᠡᠭᠡ ᠶᠠᠪᠤᠳᠠᠯ ᠤᠨ ᠲᠣᠭᠤᠷᠢᠨ ᠳᠤ ᠠᠩᠬᠠᠷᠤᠯ ᠢᠶᠠᠨ ᠲᠦᠪᠯᠡᠷᠡᠬᠦᠯᠤᠨ ᠬᠦᠴᠦ ᠪᠠᠨ ᠲᠥᠪᠯᠡᠷᠡᠭᠦᠯᠵᠦ᠂ ᠭᠠᠳᠠᠭᠠᠳᠤ ᠤᠬᠠᠭᠤᠯᠭ᠎ᠠ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠨᠠᠮ ᠪᠠᠶᠢᠭᠤᠯᠤᠬᠳᠠᠬᠰᠡᠨ ᠵᠠᠭᠤᠨ ᠵᠢᠯ ᠤᠨ ᠤᠢ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠢᠯᠢ ᠶᠢᠨ ᠪᠣᠭᠤᠮᠲᠠ᠂ ᠨᠢᠰᠬᠡᠯ ᠤᠨ ᠪᠠᠭᠤᠳᠠᠯ ᠤᠨ ᠬᠡᠰᠡᠭ ᠤᠯᠠᠨ ᠤᠯᠤᠰ ᠤᠨ ᠵᠢᠰᠢᠶᠠᠨ ᠤ ᠨᠢᠰᠬᠡᠯ ᠢ ᠢᠯᠭᠠᠨ ᠰᠠᠯᠭᠠᠬᠤ ᠵᠡᠷᠭᠡ ᠭᠤᠣᠯᠳᠠᠯᠭ᠎ᠠ ᠲᠠᠢ ᠭᠠᠵᠠᠷ ᠢ ᠴᠢᠩᠭ᠎ᠠ ᠠᠩᠬᠠᠷᠴᠤ᠂ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠰᠠᠶᠢᠲᠤᠷ ᠬᠠᠮᠠᠭᠠᠯᠠᠬᠤ ᠬᠡᠷᠡᠭᠲᠡᠢ᠃ ᠬᠢᠵᠢᠭ ᠲᠠᠢ ᠲᠡᠮᠡᠴᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠢᠳᠡᠪᠬᠢᠲᠡᠢ ᠥᠷᠨᠢᠭᠦᠯᠵᠦ᠂ ᠬᠢᠵᠢᠭ ᠤᠨ ᠳᠠᠷᠠᠭᠠᠬᠢ ᠴᠠᠭ ᠦᠶ᠎ᠡ ᠶᠢᠨ ᠭᠠᠳᠠᠭᠠᠳᠤ ᠬᠠᠷᠢᠯᠴᠠᠭᠠᠨ ᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠭᠦᠨᠵᠡᠭᠡᠶ ᠠᠭᠤᠰᠤᠯᠴᠠᠵᠤ᠂ ᠲᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠣᠷᠣᠯᠴᠠᠨ᠂ ᠪᠣᠭᠤᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ ᠲᠤᠬᠢᠷᠠᠭᠤᠯᠵᠤ᠂ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢ ᠶᠡᠭᠡ ᠪᠠᠷ ᠬᠥᠭᠵᠢᠭᠦᠯᠦᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠴᠢᠬᠤᠯᠠ ᠠᠬᠢᠴᠠ ᠲᠠᠢ ᠪᠣᠯᠭᠠᠵᠤ᠂ ᠥᠨᠳᠥᠷ ᠲᠦᠪᠰᠢᠨ ᠪᠥᠬᠦᠶ ᠨᠡᠭᠡᠭᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠭᠠᠳᠠᠭᠠᠳᠤ ᠶᠠᠪᠤᠳᠠᠯ ᠤᠨ ᠠᠵᠢᠯ ᠳᠤ ᠪᠠᠭ᠎ᠠ ᠶᠠᠪᠤᠳᠠᠯ ᠭᠡᠵᠦ ᠦᠭᠡᠢ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠨᠠᠮ ᠤᠨ ᠤᠳᠤᠷᠢᠳᠤᠯᠭ᠎ᠠ ᠶᠢ ᠭᠠᠳᠠᠭᠠᠳᠤ ᠶᠠᠪᠤᠳᠠᠯ ᠤᠨ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠵᠤ᠂ ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ᠭᠠᠳᠠᠭᠠᠳᠤ ᠶᠠᠪᠤᠳᠠᠯ ᠢ ᠲᠦᠯᠦᠪᠵᠢᠬᠦᠯᠬᠦ᠂ ᠭᠠᠳᠠᠭᠠᠳᠤ ᠶᠠᠪᠤᠳᠠᠯ ᠢ ᠡᠷᠬᠢᠯᠡᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠳᠠᠭᠠᠳᠤ ᠶᠠᠪᠤᠳᠠᠯ ᠤᠨ ᠠᠵᠢᠯ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶᠠᠨ ᠤ ᠭᠡᠰᠢᠭᠦᠨ ᠯᠢᠦ ᠴᠢ ᠹᠠᠨ᠂ ᠪᠠᠶ ᠢᠦᠶ ᠭᠠᠩ᠂ ᠶᠠᠩ ᠸᠧᠶ ᠳ᠋ᠦᠩ᠂ ᠵᠠᠩ ᠱᠤᠤ ᠴᠦᠨ᠂ ᠾᠧᠩ ᠰᠢᠶᠤᠤ ᠹᠠᠨ ᠨᠠᠷ ᠬᠤᠷᠠᠯ ᠳᠤ ᠣᠷᠣᠯᠴᠠᠵᠠᠶ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ