ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠠᠴᠠ ᠣᠶᠢᠯᠠᠭᠠᠭᠰᠠᠨ ᠢᠶᠠᠷ᠂ ᠨᠢᠭᠡᠳᠦᠭᠡᠷ ᠤᠯᠠᠷᠢᠯ ᠳᠤ᠂ ᠳᠤᠮᠳᠠᠳᠤ | ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠥᠪᠡᠷᠲᠡᠭᠡᠨ ᠵᠠᠰᠠᠬᠤ ᠣᠷᠣᠨ ᠤ 313 ᠠᠵᠤ ᠠᠬᠤᠶᠢᠯᠠᠯᠲᠠᠨ᠂ 103 ᠪᠠᠩᠬᠢᠴᠢᠨ ᠪᠠ | 2000 ᠬᠤᠲᠠ ᠪᠠᠯᠭᠠᠰᠤᠨ ᠤ ᠰᠠᠭᠤᠭᠠᠯᠢ ᠠᠷᠠᠳ ᠲᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠵᠡᠶ᠃ ᠪᠠᠶᠢᠴᠠᠭᠠᠯᠲᠠ ᠶᠢᠨ ᠮᠡᠳᠡᠭᠦᠯᠦᠯᠲᠡ ᠳᠤ | ᠢᠯᠡᠷᠡᠭᠦᠯᠦᠭᠰᠡᠨ ᠢᠶᠠᠷ᠂ ᠨᠢᠭᠡᠳᠦᠭᠡᠷ ᠤᠯᠠᠷᠢᠯ ᠳᠤ ᠮᠠᠨ ᠤ ᠣᠷᠣᠨ ᠤ ᠬᠤᠷᠸ᠎ᠠ ᠠᠵᠤ ᠠᠬᠤᠶ ᠶᠢᠨ ᠥᠭᠡᠳᠡᠯᠡᠯ ᠤᠨ ᠵᠢᠭᠠᠯᠲᠠ ᠲᠤᠭ᠎ᠠ ᠳᠡᠭᠡᠭᠰᠢᠯᠡᠪᠡ᠃ | ᠨᠢᠭᠡᠳᠦᠭᠡᠷ ᠤᠯᠠᠷᠢᠯ ᠳᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠤᠷᠸ᠎ᠠ ᠠᠵᠤ ᠠᠬᠤᠶ ᠶᠢᠨ ᠥᠭᠡᠳᠡᠯᠡᠯ ᠤᠨ ᠵᠢᠭᠠᠯᠲᠠ ᠲᠤᠭ᠎ᠠ 41.9% | ᠪᠠᠶᠢᠵᠤ᠂ ᠳᠡᠭᠡᠷ᠎ᠡ ᠤᠯᠠᠷᠢᠯ ᠤᠨ ᠬᠢ ᠠᠴᠠ 6.4 ᠵᠠᠭᠤᠨ ᠤ ᠴᠡᠭ ᠳᠡᠭᠡᠭᠰᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 25.6 ᠵᠠᠭᠤᠨ ᠤ ᠴᠡᠭ | ᠳᠡᠭᠡᠭᠰᠢᠯᠡᠵᠡᠶ︔ ᠪᠠᠩᠬᠢᠴᠢᠨ ᠤ ᠬᠤᠷᠸ᠎ᠠ ᠠᠵᠤ ᠠᠬᠤᠶ ᠶᠢᠨ ᠥᠭᠡᠳᠡᠯᠡᠯ ᠤᠨ ᠢᠯᠡᠳᠬᠡᠭᠴᠢ ᠲᠤᠭ᠎ᠠ 45.6% ᠪᠠᠶᠢᠵᠤ᠂ ᠳᠡᠭᠡᠷ᠎ᠡ ᠤᠯᠠᠷᠢᠯ ᠤᠨ ᠬᠢ ᠠᠴᠠ 17.9 | ᠵᠠᠭᠤᠨ ᠤ ᠴᠡᠭ ᠳᠡᠭᠡᠭᠰᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 38.3 ᠵᠠᠭᠤᠨ ᠤ ᠴᠡᠭ ᠳᠡᠭᠡᠭᠰᠢᠯᠡᠵᠡᠶ᠃ ᠠᠵᠤ ᠠᠬᠤᠶᠢᠯᠠᠯᠲᠠᠨ ᠤ | ᠡᠵᠡᠩᠨᠡᠯᠲᠡ ᠶᠢᠨ ᠬᠥᠭᠵᠢᠯᠲᠡ ᠶᠢᠨ ᠵᠢᠭᠠᠯᠲᠠ ᠲᠤᠭ᠎ᠠ 60.7% ᠪᠠᠶᠢᠵᠤ᠂ ᠳᠡᠭᠡᠷ᠎ᠡ ᠤᠯᠠᠷᠢᠯ ᠤᠨ ᠬᠢ ᠠᠴᠠ 4.7 ᠵᠠᠭᠤᠨ ᠤ ᠴᠡᠭ ᠳᠡᠭᠡᠭᠰᠢᠯᠡᠵᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 20.9 ᠵᠠᠭᠤᠨ ᠤ ᠴᠡᠭ ᠳᠡᠭᠡᠭᠰᠢᠯᠡᠵᠡᠶ᠃ | ᠦᠨ᠎ᠡ ᠬᠠᠩᠰᠢ ᠶᠢᠨ ᠲᠠᠯ᠎ᠠ ᠪᠠᠷ᠂ ᠨᠢᠭᠡᠳᠦᠭᠡᠷ ᠤᠯᠠᠷᠢᠯ ᠳᠤ ᠠᠵᠤ ᠠᠬᠤᠶᠢᠯᠠᠯ ᠤᠨ ᠦᠢᠯᠡᠳᠬᠦᠨ ᠤ ᠪᠣᠷᠣᠯᠠᠭᠤᠯᠤᠯᠲᠠ ᠶᠢᠨ ᠦᠨ᠎ᠡ ᠬᠠᠩᠰᠢ ᠶᠢᠨ | ᠲᠥᠷᠥᠭᠳᠡᠯ ᠤᠨ ᠵᠢᠭᠠᠯᠲᠠ ᠲᠤᠭ᠎ᠠ ᠨᠢ 58.3% ᠪᠠᠶᠢᠵᠤ᠂ ᠳᠡᠭᠡᠷ᠎ᠡ ᠤᠯᠠᠷᠢᠯ ᠤᠨ ᠬᠢ ᠠᠴᠠ 3.7 ᠵᠠᠭᠤᠨ ᠤ ᠴᠡᠭ ᠳᠡᠭᠡᠭᠰᠢᠯᠡᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 18.4 ᠵᠠᠭᠤᠨ ᠤ ᠴᠡᠭ ᠳᠡᠭᠡᠭᠰᠢᠯᠡᠵᠡᠶ᠃ ᠲᠦᠭᠦᠬᠡᠶ ᠡᠳ᠋ ᠮᠠᠲ᠋ᠧᠷᠢᠶᠠᠯ ᠤᠨ ᠬᠤᠳᠠᠯᠳᠤᠨ ᠣᠷᠣᠭᠤᠯᠤᠭᠰᠠᠨ ᠦᠨ᠎ᠡ ᠶᠢᠨ ᠲᠥᠷᠥᠭᠳᠡᠯ ᠤᠨ | ᠵᠢᠭᠠᠯᠲᠠ ᠲᠤᠭ᠎ᠠ 67.2% ᠪᠠᠶᠢᠵᠤ᠂ ᠳᠡᠭᠡᠷ᠎ᠡ ᠤᠯᠠᠷᠢᠯ ᠤᠨ ᠬᠢ ᠠᠴᠠ 1.4 ᠵᠠᠭᠤᠨ ᠤ ᠴᠡᠭ ᠳᠡᠭᠡᠭᠰᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 7.1 ᠵᠠᠭᠤᠨ ᠤ ᠴᠡᠭ ᠳᠡᠭᠡᠭᠰᠢᠯᠡᠵᠡᠶ᠃ | ᠪᠠᠯᠠ ᠮᠥᠩᠭᠦᠨ ᠤ ᠡᠷᠭᠢᠯᠲᠡ ᠶᠢᠨ ᠲᠠᠯ᠎ᠠ ᠪᠠᠷ᠂ ᠨᠢᠭᠡᠳᠦᠭᠡᠷ ᠤᠯᠠᠷᠢᠯ ᠳᠤ ᠪᠠᠯᠠ ᠮᠥᠩᠭᠦᠨ ᠤ ᠡᠷᠭᠢᠯᠲᠡ ᠶᠢᠨ ᠵᠢᠭᠠᠯᠲᠠ ᠲᠤᠭ᠎ᠠ 57.3% ᠪᠠᠶᠢᠵᠤ᠂ ᠳᠡᠭᠡᠷ᠎ᠡ | ᠤᠯᠠᠷᠢᠯ ᠤᠨ ᠬᠢ ᠲᠠᠢ ᠦᠨᠳᠦᠰᠦᠨ ᠳᠤ ᠪᠠᠨ ᠲᠡᠩᠴᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15.8 ᠵᠠᠭᠤᠨ ᠤ ᠴᠡᠭ ᠳᠡᠭᠡᠭᠰᠢᠯᠡᠵᠡᠶ︔ | ᠪᠣᠷᠣᠯᠠᠭᠤᠯᠤᠭᠰᠠᠨ ᠪᠠᠷᠠᠭᠠᠨ ᠤ ᠡᠭᠡᠭᠦᠯᠦᠨ ᠬᠤᠷᠢᠶᠠᠭᠰᠠᠨ ᠵᠣᠭᠤᠰ ᠤᠨ ᠵᠢᠭᠠᠯᠲᠠ ᠲᠤᠭ᠎ᠠ 65.4% ᠪᠠᠶᠢᠵᠤ᠂ ᠳᠡᠭᠡᠷ᠎ᠡ ᠤᠯᠠᠷᠢᠯ ᠤᠨ ᠬᠢ ᠠᠴᠠ 0.9 ᠵᠠᠭᠤᠨ ᠤ | ᠴᠡᠭ ᠳᠡᠭᠡᠭᠰᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15.1 ᠵᠠᠭᠤᠨ ᠤ ᠴᠡᠭ ᠳᠡᠭᠡᠭᠰᠢᠯᠡᠵᠡᠶ᠃ | ᠨᠢᠭᠡᠳᠦᠭᠡᠷ ᠤᠯᠠᠷᠢᠯ ᠳᠤ᠂ ᠵᠢᠭᠡᠯᠡᠯᠭᠡ ᠶᠢᠨ ᠶᠡᠷᠦᠩᠬᠡᠶ ᠬᠡᠷᠡᠭᠴᠡᠭᠡ ᠶᠢᠨ ᠵᠢᠭᠠᠯᠲᠠ ᠲᠤᠭ᠎ᠠ 67.5% ᠪᠠᠶᠢᠵᠤ᠂ ᠳᠡᠭᠡᠷ᠎ᠡ ᠤᠯᠠᠷᠢᠯ ᠤᠨ ᠬᠢ ᠠᠴᠠ 1.2 | ᠵᠠᠭᠤᠨ ᠤ ᠴᠡᠭ ᠳᠡᠭᠡᠭᠰᠢᠯᠡᠵᠡᠶ︔ ᠪᠠᠩᠬᠢ ᠶᠢᠨ ᠦᠢᠯᠡᠰ ᠤᠨ ᠬᠥᠭᠵᠢᠯᠲᠡ ᠶᠢᠨ ᠵᠢᠭᠠᠯᠲᠠ ᠲᠤᠭ᠎ᠠ 77.7% ᠪᠠᠶᠢᠵᠤ᠂ ᠳᠡᠭᠡᠷ᠎ᠡ ᠤᠯᠠᠷᠢᠯ ᠪᠠ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠲᠣᠰ ᠲᠣᠰ 6.4 ᠪᠠ 19.8 ᠵᠠᠭᠤᠨ ᠤ ᠴᠡᠭ ᠳᠡᠭᠡᠭᠰᠢᠯᠡᠵᠡᠶ᠃ | ᠰᠠᠭᠤᠭᠠᠯᠢ ᠡᠷᠦᠬᠡ ᠶᠢᠨ ᠰᠠᠯᠠᠭ᠎ᠠ ᠮᠥᠴᠢᠷ ᠤᠨ ᠲᠠᠯ᠎ᠠ ᠪᠠᠷ᠂ ᠨᠢᠭᠡᠳᠦᠭᠡᠷ ᠤᠯᠠᠷᠢᠯ ᠳᠤ ᠰᠠᠭᠤᠭᠠᠯᠢ ᠠᠷᠠᠳ ᠤᠨ ᠣᠷᠣᠯᠭ᠎ᠠ ᠶᠢᠨ ᠲᠥᠷᠥᠭᠳᠡᠯ ᠤᠨ ᠵᠢᠭᠠᠯᠲᠠ | ᠲᠤᠭ᠎ᠠ ᠨᠢ 50.3% ᠪᠠᠶᠢᠵᠤ᠂ ᠳᠡᠭᠡᠷ᠎ᠡ ᠤᠯᠠᠷᠢᠯ ᠤᠨ ᠬᠢ ᠠᠴᠠ 1.1 ᠵᠠᠭᠤᠨ ᠤ ᠴᠡᠭ ᠳᠡᠭᠡᠭᠰᠢᠯᠡᠵᠡᠶ︔ ᠰᠠᠭᠤᠭᠠᠯᠢ ᠠᠷᠠᠳ ᠤᠨ ᠠᠵᠢᠯ ᠣᠯᠭᠤᠯᠲᠠ ᠶᠢᠨ | ᠲᠥᠷᠥᠭᠳᠡᠯ ᠤᠨ ᠵᠢᠭᠠᠯᠲᠠ ᠲᠤᠭ᠎ᠠ 48.43% ᠪᠠᠶᠢᠵᠤ᠂ ᠳᠡᠭᠡᠷ᠎ᠡ ᠤᠯᠠᠷᠢᠯ ᠤᠨ ᠬᠢ ᠠᠴᠠ 3.12 ᠵᠠᠭᠤᠨ ᠤ ᠴᠡᠭ ᠳᠡᠭᠡᠭᠰᠢᠯᠡᠵᠡᠶ᠃ |