105 ᠵᠣᠷᠪᠣᠰ ᠠᠷᠭ᠎ᠠ ᠬᠡᠮᠵᠢᠶ᠎ᠡ ᠪᠠᠷ ︽ᠪᠢ ᠭᠠᠶᠢᠯᠢ ᠰᠦᠢᠳᠬᠡᠯ ᠲᠤᠰᠢᠶᠠᠭᠴᠢ ᠳᠤ ᠪᠣᠳᠠᠲᠠᠶ ᠠᠵᠢᠯ ᠬᠢᠬᠦ︾ ᠶᠢ ᠳᠥᠯᠭᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2021/4/2
      4 ᠳ᠋ᠦ᠋ᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ 2021 ᠣᠨ ᠤ ᠪᠥᠬᠦ ᠣᠷᠣᠨ ᠤ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠭᠤᠴᠢᠳᠡᠬᠢ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠪᠡ᠃       ᠣᠶᠢᠯᠠᠭᠠᠭᠰᠠᠨ ᠢᠶᠠᠷ᠂ ᠡᠨᠡ ᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠨᠢ ︽ᠭᠠᠶᠢᠯᠢ ᠲᠠᠲᠠᠪᠤᠷᠢ ᠪᠠᠷ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠬᠢᠵᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠰᠢᠨ᠎ᠡ ᠪᠠᠶᠢᠳᠠᠯ ᠢ ᠡᠭᠦᠳᠦᠶ᠎ᠡ︾ ᠭᠡᠰᠡᠨ ᠭᠤᠣᠯ ᠰᠡᠳᠦᠪ ᠢᠶᠠᠷ ᠶᠠᠪᠤᠭᠳᠠᠨ᠎ᠠ᠃ ᠡᠨᠡ ᠬᠦ ᠭᠤᠤᠯ ᠰᠡᠳᠦᠪ ᠤᠨ ᠲᠣᠭᠤᠷᠢᠨ ᠳᠤ᠂ ᠪᠥᠬᠦ ᠣᠷᠣᠨ ᠤ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ︽ᠪᠢ ᠭᠠᠶᠢᠯᠢ ᠰᠦᠢᠳᠬᠡᠯ ᠲᠤᠰᠢᠶᠠᠭᠴᠢ ᠳᠤ ᠪᠣᠳᠠᠲᠠᠶ ᠠᠵᠢᠯ ᠬᠢᠬᠦ ᠵᠢᠴᠢ ᠠᠷᠠᠳ ᠣᠯᠠᠨ ᠤ ᠭᠠᠶᠢᠯᠢ ᠶᠢᠨ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠤᠷᠢᠬᠠᠨ ᠰᠠᠯᠬᠢᠨ ᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠳᠥᠯᠭᠢᠨ ᠠᠬᠢᠭᠤᠯᠬᠤ ᠳᠤᠮᠳᠠ ᠭᠠᠶᠢᠯᠢ ᠶᠢᠨ ᠶᠠᠪᠤᠳᠠᠯ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃       ᠡᠨᠡ ᠵᠢᠯ ᠪᠣᠯ ᠪᠥᠬᠦ ᠣᠷᠣᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ 8 ᠵᠢᠯ ᠳᠠᠷᠠᠭᠠᠯᠠᠨ ᠥᠷᠨᠢᠭᠦᠯᠵᠦ ᠪᠠᠶᠢᠭ᠎ᠠ ︽ᠠᠷᠠᠳ ᠣᠯᠠᠨ ᠤ ᠭᠠᠶᠢᠯᠢ ᠶᠢᠨ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠤᠷᠢᠬᠠᠨ ᠰᠠᠯᠬᠢᠨ ᠤ ᠠᠵᠢᠯᠯᠠᠭ᠎ᠠ︾ ᠪᠣᠯᠤᠨ᠎ᠠ᠃ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠡᠨᠡ ᠵᠢᠯ ᠤᠨ ︽ᠠᠷᠠᠳ ᠣᠯᠠᠨ ᠤ ᠭᠠᠶᠢᠯᠢ ᠶᠢᠨ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠤᠷᠢᠬᠠᠨ ᠰᠠᠯᠬᠢᠨ ᠤ ᠠᠵᠢᠯᠯᠠᠭ᠎ᠠ︾ ᠨᠢ ︽ᠪᠢ ᠭᠠᠶᠢᠯᠢ ᠰᠦᠢᠳᠬᠡᠯ ᠲᠤᠰᠢᠶᠠᠭᠴᠢ ᠳᠤ ᠪᠣᠳᠠᠲᠠᠶ ᠠᠵᠢᠯ ᠬᠢᠬᠦ︾ ᠠᠭᠤᠯᠭ᠎ᠠ ᠶᠢ ᠳᠣᠪᠤᠶᠢᠯᠭᠠᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠳ 11 ᠶᠡᠭᠡ ᠲᠥᠷᠥᠯ ᠤᠨ 35 ᠵᠦᠢᠯ ᠤᠨ 105 ᠵᠣᠷᠪᠣᠰ ᠪᠣᠳᠠᠲᠠᠶ ᠠᠷᠭ᠎ᠠ ᠬᠡᠮᠵᠢᠶ᠎ᠡ ᠲᠣᠭᠲᠠᠭᠠᠵᠤ᠂ ᠭᠠᠶᠢᠯᠢ ᠰᠦᠢᠳᠬᠡᠯ ᠲᠤᠰᠢᠶᠠᠭᠴᠢ ᠶᠢᠨ ᠲᠠᠭᠠᠰᠢᠶᠠᠯ ᠤᠨ ᠬᠡᠮᠵᠢᠶ᠎ᠡ ᠪᠠ ᠬᠦᠷᠲᠡᠭᠡᠮᠵᠢᠲᠦ ᠲᠥᠷᠥᠭᠳᠡᠯ ᠢ ᠳᠡᠭᠡᠭᠰᠢᠯᠡᠭᠦᠯᠬᠦ ᠪᠣᠯᠣᠨ᠎ᠠ᠃       ᠭᠠᠶᠢᠯᠢ ᠶᠢ ᠬᠦᠩᠭᠡᠯᠡᠨ ᠰᠦᠢᠳᠬᠡᠯ ᠢ ᠪᠠᠭᠤᠷᠠᠭᠤᠯᠵᠤ ᠲᠦᠢᠯ ᠤᠨ ᠣᠨᠤᠪᠴᠢᠲᠠᠢ ᠪᠠᠷ ᠳᠤᠰᠤᠯᠭᠠᠨ ᠤᠰᠤᠯᠠᠬᠤ ᠨᠢ ᠲᠦᠷᠦ ᠶᠢᠨ ᠪᠤᠳᠤᠯᠭ᠎ᠠ ᠶᠢᠨ ᠠᠰᠢᠭ ᠢ ᠬᠦᠷᠲᠡᠵᠦ ᠪᠠᠶᠢᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠂ ᠵᠢᠱᠢᠶᠡᠯᠡᠪᠡᠯ ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ ᠠᠴᠠ ᠳᠤᠷᠠᠳᠤᠭᠰᠠᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠵᠦ ᠪᠣᠳᠤᠨ ᠰᠠᠭᠤᠯᠭᠠᠵᠤ ᠠᠪᠬᠤ ᠬᠠᠷᠢᠴᠠᠯ ᠢ 75% ᠪᠠᠶᠢᠭᠰᠠᠨ ᠠᠴᠠ 100% ᠪᠣᠯᠭᠠᠨ ᠳᠡᠭᠡᠭᠰᠢᠯᠡᠭᠦᠯᠦᠨ᠎ᠡ᠂ ᠡᠨᠡ ᠨᠢ ᠦᠢᠯᠡᠳᠬᠦ ᠦᠢᠯᠡᠰ ᠤᠨ ᠠᠵᠤ ᠠᠬᠤᠶᠢᠯᠠᠯ ᠤᠨ 100 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠣᠷᠣᠭᠤᠯᠬᠤ ᠪᠦᠷᠢ᠂ ᠭᠠᠶᠢᠯᠢ ᠲᠤᠰᠢᠶᠠᠬᠤ ᠶᠣᠰᠣᠲᠠᠶ ᠣᠯᠵᠠᠪᠤᠷᠢ ᠶᠢᠨ ᠲᠤᠭ᠎ᠠ ᠠᠴᠠ 200 ᠲᠦᠮᠡᠨ ᠲᠥᠭᠦᠷᠢᠭ ᠰᠠᠭᠤᠯᠭᠠᠨ ᠠᠪᠤᠭᠰᠠᠨ ᠲᠠᠢ ᠲᠡᠩᠴᠡᠬᠦ ᠲᠤᠯᠠ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠶᠢ ᠪᠦᠲᠦᠮᠵᠢᠲᠡᠶ ᠠᠬᠢᠭᠤᠯᠬᠤ ᠪᠣᠯᠤᠨ᠎ᠠ᠃ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠵᠦ᠂ ᠭᠠᠶᠢᠯᠢ ᠲᠠᠲᠠᠪᠤᠷᠢ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠭᠠᠶᠢᠯᠢ ᠰᠦᠢᠳᠬᠡᠯ ᠲᠤᠰᠢᠶᠠᠭᠴᠢ ᠶᠢᠨ ᠬᠠᠮᠤᠭ ᠤᠨ ᠰᠢᠭᠤᠳ ᠣᠶᠢᠯᠠᠭᠠᠯᠲᠠ ᠠᠴᠠ ᠡᠭᠦᠰᠴᠦ᠂ ᠭᠠᠶᠢᠯᠢ ᠰᠦᠢᠳᠬᠡᠯ ᠭᠤᠶᠤᠴᠢᠯᠠᠨ ᠮᠡᠳᠡᠭᠦᠯᠬᠦ ᠶᠠᠪᠤᠴᠠ ᠶᠢ ᠴᠣᠮᠬᠠᠳᠬᠠᠵᠤ᠂ ᠭᠡᠷᠡᠴᠢᠯᠡᠬᠦ ᠮᠠᠲ᠋ᠧᠷᠢᠶᠠᠯ ᠢ ᠴᠣᠮᠬᠠᠳᠬᠠᠨ᠎ᠠ᠃ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ ᠶᠢ ᠥᠷᠭᠡᠳᠬᠡᠵᠦ᠂ ︽ᠥᠯᠥ ᠣᠶᠢᠷᠠᠲᠤᠯᠴᠠᠬᠤ ᠮᠠᠶ᠋ᠢᠭ︾ ᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠵᠢᠯ ᠤᠨ ᠡᠴᠦᠰ ᠠᠴᠠ ᠡᠮᠦᠨ᠎ᠡ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ ᠳᠡᠶᠢᠯᠬᠦ᠂ ᠬᠤᠪᠢ ᠬᠥᠮᠦᠨ ᠤ ᠭᠠᠶᠢᠯᠢ ᠰᠦᠢᠳᠬᠡᠯ ᠤᠨ ᠵᠦᠢᠯᠡᠰ ᠢ ᠭᠠᠷᠳᠠᠨ ᠭᠦᠢᠴᠡᠳᠬᠡᠵᠦ ᠳᠡᠶᠢᠯᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠳᠤ ᠬᠦᠴᠦᠨ ᠨᠡᠮᠡᠷᠢᠯᠡᠵᠦ᠂ ︽ᠪᠠᠩᠬᠢ ᠭᠠᠶᠢᠯᠢ ᠶᠢᠨ ᠬᠢᠨ ᠬᠠᠷᠢᠯᠴᠠᠨ ᠬᠥᠳᠡᠯᠦᠯᠴᠡᠬᠦ︾ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠣᠯᠴᠠᠬᠤ ᠬᠡᠪᠴᠢᠶ᠎ᠡ ᠶᠢ ᠥᠷᠭᠡᠳᠬᠡᠵᠦ᠂ ︽ᠪᠠᠩᠬᠢ ᠭᠠᠶᠢᠯᠢ ᠶᠢᠨ ᠬᠢᠨ ᠬᠠᠷᠢᠯᠴᠠᠨ ᠬᠥᠳᠡᠯᠦᠯᠴᠡᠬᠦ︾ ᠢᠲᠡᠭᠡᠮᠵᠢᠲᠦ ᠵᠢᠭᠡᠯᠡᠯᠭᠡ ᠶᠢᠨ ᠬᠡᠮᠵᠢᠶ᠎ᠡ ᠶᠢ ᠥᠷᠭᠡᠳᠬᠡᠨ᠂ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠰᠠᠭᠤᠷᠢ ᠪᠡᠯᠡᠳᠬᠡᠮᠵᠢ ᠶᠢ ᠪᠦᠬᠦ ᠲᠠᠯ᠎ᠠ ᠪᠠᠷ ᠲᠡᠰ ᠳᠡᠪᠰᠢᠭᠦᠯᠵᠦ᠂ ᠭᠠᠶᠢᠯᠢ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠭᠠᠶᠢᠯᠢ ᠶᠢᠨ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠠᠮᠢ ᠠᠬᠤᠶ ᠶᠢᠨ ᠬᠦᠷᠢᠶ᠎ᠡ ᠶᠢ ᠪᠣᠶ ᠪᠣᠯᠭᠠᠵᠤ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠯᠭᠠᠭᠤᠷᠢᠯᠠᠯ ᠳᠣᠤᠷ᠎ᠠ᠂ ᠭᠠᠶᠢᠯᠢ ᠭᠦᠢᠴᠡᠳᠬᠡᠬᠦ ᠰᠦᠢᠳᠬᠡᠯ ᠲᠤᠰᠢᠶᠠᠬᠤ ᠶᠢ ᠳᠥᠭᠦᠮᠴᠢᠯᠡᠬᠦ ᠦᠢᠯᠡᠴᠢᠯᠡᠭᠡᠨ ᠤ ᠠᠮᠢ ᠠᠬᠤᠶ ᠶᠢᠨ ᠬᠦᠷᠢᠶ᠎ᠡ ᠶᠢ ᠲᠠᠰ ᠳᠡᠪᠰᠢᠭᠦᠯᠦᠨ ᠪᠠᠶᠢᠭᠤᠯᠤᠨ᠎ᠠ᠃ ᠣᠳᠣᠬᠠᠨ ᠳᠤ᠂ ᠪᠥᠬᠦ ᠣᠷᠣᠨ ᠳᠤ ᠭᠠᠶᠢᠯᠢ ᠶᠢᠨ ᠶᠠᠪᠤᠳᠠᠯ ᠭᠦᠢᠴᠡᠳᠬᠡᠬᠦ ᠪᠦᠷᠢᠨ ᠡᠭᠦᠷᠭᠡ ᠴᠢᠳᠠᠪᠤᠷᠢᠲᠤ ᠦᠢᠯᠡᠴᠢᠯᠡᠭᠡᠨ ᠤ ᠲᠢᠩᠬᠢᠮ 145 ︵ᠡᠭᠦᠨ ᠳᠤ 2 ᠥᠪᠡᠰᠦᠪᠡᠨ ᠦᠢᠯᠡᠴᠢᠯᠡᠬᠦ ᠣᠶᠤᠨᠴᠢ ᠲᠢᠩᠬᠢᠮ ᠪᠣᠶ︶᠂ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ 167᠂ ᠭᠠᠶᠢᠯᠢ ᠶᠢᠨ ᠶᠠᠪᠤᠳᠠᠯ ᠤᠨ ᠭᠠᠵᠠᠷ ᠤᠨ ᠪᠠᠶᠢᠭᠤᠯᠤᠭᠰᠠᠨ ᠭᠠᠶᠢᠯᠢ ᠶᠢᠨ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠲᠠᠰᠤᠭ᠂ ᠤᠷᠲᠤᠳᠬᠠᠭᠰᠠᠨ ᠭᠠᠶᠢᠯᠢ ᠶᠢᠨ ᠶᠠᠪᠤᠳᠠᠯ ᠭᠦᠢᠴᠡᠳᠬᠡᠬᠦ ᠴᠡᠭ 136᠂ ᠰᠢᠤᠳᠠᠨ ᠤ ᠣᠷᠣᠯᠠᠨ ᠨᠡᠭᠡᠭᠡᠬᠦ ᠴᠡᠭ 725 ᠪᠣᠶ᠂ ᠬᠤᠲᠠ ᠶᠢᠨ ᠲᠣᠭᠤᠷᠢᠭ ᠲᠤ ᠭᠠᠶᠢᠯᠢ ᠲᠤᠰᠢᠶᠠᠭᠴᠢ ᠶᠠᠮᠠᠷ ᠨᠢᠭᠡᠨ ᠵᠠᠮ ᠬᠠᠷᠢᠯᠴᠠᠭᠠᠨ ᠤ ᠠᠷᠭ᠎ᠠ ᠮᠠᠶ᠋ᠢᠭ ᠢ ᠬᠡᠷᠡᠭᠯᠡᠭᠰᠡᠨ ᠴᠦ 15 — 30 ᠮᠢᠨᠦ᠋ᠲ ᠤᠨ ᠳᠣᠲᠣᠷ᠎ᠠ ᠴᠥᠮ ᠨᠠᠭᠠᠳᠤ ᠵᠠᠬ᠎ᠠ ᠳᠤ ᠪᠠᠨ ᠨᠢᠭᠡ ᠭᠠᠶᠢᠯᠢ ᠰᠦᠢᠳᠬᠡᠯ ᠲᠤᠰᠢᠶᠠᠬᠤ ᠦᠢᠯᠡᠴᠢᠯᠡᠭᠡᠨ ᠤ ᠲᠠᠯᠠᠪᠤᠷ ᠭᠠᠵᠠᠷ ᠢ ᠣᠯᠵᠤ ᠳᠡᠶᠢᠯᠬᠦ ᠶᠢ ᠪᠠᠲᠤᠯᠠᠬᠤ ᠪᠣᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ