︽ᠦᠨᠡᠨ︾ ᠰᠡᠳᠭᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ︽ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠤᠨ ᠳᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠶᠠᠷᠢᠶ᠎ᠠ︾ ᠶᠢ ᠨᠡᠶᠢᠳᠡᠯᠡᠪᠠ
ᠨᠡᠶᠢᠲᠡᠯᠡᠭᠰᠡᠨ ᠴᠠᠭ᠄
2021/4/2

       ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 31 ᠤ ᠴᠠᠬᠢᠯᠭᠠᠨ ᠮᠡᠳᠡᠭᠡ   4 ᠰᠠᠷ᠎ᠠ ᠶᠢᠨ 1 ᠤ ᠡᠳᠦᠷ ᠬᠡᠪᠯᠡᠭᠳᠡᠬᠦ 7 ᠳ᠋ᠤᠭᠠᠷ ᠬᠤᠭᠤᠴᠠᠭᠠᠨ ᠤ

︽ᠦᠨᠡᠨ︾ ᠰᠡᠳᠭᠦᠯ ᠳᠤ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠤᠬᠢᠶᠠᠯ ︽ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠤᠨ ᠳᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠶᠠᠷᠢᠶ᠎ᠠ︾ ᠶᠢ ᠨᠡᠶᠢᠳᠡᠯᠡᠪᠡ᠃
      ᠵᠤᠬᠢᠶᠠᠯ ᠳᠤ᠂ ᠪᠦᠬᠦ ᠨᠠᠮ ᠳᠤ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠦᠷᠨᠢᠬᠦᠯᠬᠦ ᠪᠤᠯ ᠨᠠᠮ ᠤᠨ ᠳᠦᠪ ᠬᠤᠷᠢᠶ᠎ᠠ ᠨᠠᠮ ᠤᠨ ᠵᠠᠭᠤᠨ ᠵᠢᠯ ᠤᠨ ᠳᠡᠥᠬᠡ ᠶᠢᠨ ᠰᠢᠨ᠎ᠡ ᠭᠠᠷᠤᠭ᠎ᠠ ᠳᠤ ᠵᠤᠬᠰᠤᠨ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠳᠠᠯ᠎ᠠ ᠪᠤᠯᠤᠨ ᠳᠡᠯᠡᠬᠡᠢ ᠶᠢᠷᠳᠢᠨᠴᠦ ᠶᠢᠨ ᠵᠠᠭᠤᠨ ᠵᠢᠯ ᠳᠤ ᠳᠤᠬᠢᠶᠠᠯᠳᠤᠭ᠎ᠠ ᠦᠬᠡᠢ ᠶᠡᠭᠡ ᠬᠤᠪᠢᠰᠤᠯᠳᠠ ᠶᠢ ᠨᠢᠬᠡᠳᠦᠯᠳᠡᠢ ᠳᠦᠯᠦᠪᠵᠢᠬᠦᠯᠵᠥ᠂ ᠪᠦᠬᠦ ᠨᠠᠮ ᠪᠦᠬᠦ ᠤᠯᠤᠰ ᠤᠨ ᠬᠡᠬᠦᠳᠡᠭ ᠳᠦᠬᠦᠷᠡᠩ ᠢᠳᠡᠬᠡᠯ ᠵᠤᠷᠢᠬ ᠢᠶᠠᠷ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠳᠤ ᠤᠷᠤᠯᠴᠠᠬᠤ ᠶᠢ ᠳᠠᠶᠢᠴᠢᠯᠠᠬᠤ ᠶᠢᠨ ᠳᠦᠯᠦᠬᠡ ᠭᠠᠷᠭᠠᠬᠰᠠᠨ ᠴᠢᠬᠤᠯᠠ ᠶᠡᠭᠡ ᠰᠢᠢᠳᠪᠦᠷᠢᠳᠤ ᠪᠤᠳᠤᠯᠭ᠎ᠠ ᠮᠦᠨ᠃ ᠪᠦᠬᠦ ᠨᠠᠮ ᠤᠨ ᠨᠦᠬᠦᠳ ᠳᠡᠥᠬᠡ ᠶᠢ ᠰᠤᠷᠤᠯᠴᠠᠵᠦ ᠶᠤᠰᠤ ᠤᠴᠢᠷ ᠢ ᠤᠢᠢᠯᠠᠭᠠᠵᠤ᠂ ᠳᠡᠥᠬᠡ ᠶᠢ ᠰᠤᠷᠤᠯᠴᠠᠵᠦ ᠢᠳᠡᠬᠡᠯ ᠢᠶᠠᠨ ᠨᠡᠮᠡᠭᠳᠡᠬᠦᠯᠵᠤ᠂ ᠳᠡᠥᠬᠡ ᠶᠢ ᠰᠤᠷᠤᠯᠴᠠᠵᠦ ᠶᠤᠰᠤ ᠰᠤᠷᠳᠠᠬᠤᠨ ᠢ ᠡᠷᠬᠢᠮᠯᠡᠵᠤ᠂ ᠳᠡᠥᠬᠡ ᠶᠢ ᠰᠤᠷᠤᠯᠴᠠᠵᠦ ᠴᠢᠷᠮᠠᠶᠢᠨ ᠦᠢᠯᠡᠳᠦᠯᠭᠡᠵᠢᠭᠦᠯᠵᠦ᠂ ᠨᠠᠮ ᠤᠨ ᠳᠡᠥᠬᠡ ᠶᠢ ᠰᠤᠷᠤᠯᠴᠠᠵᠥ᠂ ᠦᠵᠡᠯ ᠰᠠᠨᠠᠭ᠎ᠠ ᠪᠠᠨ ᠰᠡᠭᠡᠭᠡᠷᠡᠭᠦᠯᠵᠦ᠂ ᠪᠤᠳᠠᠳᠤ ᠶᠠᠪᠤᠳᠠᠯ ᠬᠢᠵᠥ᠂ ᠰᠢᠨ᠎ᠡ ᠪᠠᠶᠢᠳᠠᠯ ᠢ ᠡᠬᠦᠳᠴᠤ᠂ ᠴᠤᠬ ᠪᠠᠳᠠᠷᠠᠩᠭᠤᠢ ᠳᠦᠷᠰᠤ ᠪᠠᠶᠢᠳᠠᠯ ᠢᠶᠠᠷ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠢᠨ᠎ᠠ ᠠᠶᠠᠨ ᠢᠶᠠᠨ ᠴᠢᠷᠮᠠᠶᠢᠨ ᠡᠬᠢᠯᠡᠬᠦᠯᠵᠥ᠂ ᠰᠢᠯᠢᠳᠡᠭ ᠠᠮᠵᠢᠯᠳᠠ ᠪᠠᠷ ᠨᠠᠮ ᠪᠠᠶᠢᠭᠤᠯᠤᠬᠳᠠᠬᠰᠠᠨ ᠵᠠᠭᠤᠨ ᠵᠢᠯ ᠤᠨ ᠤᠢ ᠶᠢ ᠤᠬᠳᠤᠬᠤ ᠬᠡᠷᠡᠭᠳᠡᠢ ᠭᠡᠵᠤ ᠴᠢᠬᠤᠯᠠᠴᠢᠯᠠᠵᠠᠢ᠃
      ᠵᠤᠬᠢᠶᠠᠯ ᠳᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠦᠷᠨᠢᠭᠦᠯᠬᠦ ᠨᠢ ᠠᠴᠢ ᠬᠤᠯᠪᠤᠭᠳᠠᠯ ᠴᠢᠬᠤᠯᠠ ᠶᠡᠭᠡ ᠶᠤᠮ᠃ ᠮᠠᠨ ᠤ ᠨᠠᠮ ᠡᠷᠳᠡᠨ ᠠᠴᠠ ᠠᠪᠤᠭᠠᠳ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠢ ᠴᠢᠬᠤᠯᠠᠴᠢᠯᠠᠬᠰᠠᠭᠠᠷ ᠢᠷᠡᠵᠠᠢ᠃ ᠮᠠᠨ ᠤ ᠨᠠᠮ ᠤᠨ ᠵᠠᠭᠤᠨ ᠵᠢᠯ ᠤᠨ ᠤᠢ ᠶᠢ ᠪᠡᠯᠬᠡᠯᠡᠬᠦ ᠴᠢᠬᠤᠯᠠ ᠶᠡᠭᠡ ᠴᠠᠬ ᠮᠦᠴᠡ ᠳᠤ᠂ ︽ᠬᠤᠤᠰ ᠵᠠᠭᠤᠨ ᠵᠢᠯ︾ ᠤᠨ ᠳᠡᠮᠡᠴᠡᠬᠦ ᠬᠠᠷᠠᠯᠳᠠ ᠶᠢᠨ ᠳᠡᠥᠬᠡᠨ ᠠᠭᠤᠯᠵᠠᠷ ᠬᠤᠭᠤᠴᠠᠭ᠎ᠠ ᠵᠠᠩᠬᠢᠯᠠᠭ᠎ᠠ ᠶᠢᠨ ᠦᠶ᠎ᠡ ᠳᠤ᠂ ᠪᠦᠬᠦ ᠨᠠᠮ ᠳᠤ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠢ ᠳᠦᠪᠯᠡᠷᠡᠬᠦᠯᠦᠨ ᠦᠷᠨᠢᠬᠦᠯᠬᠦ ᠨᠢ ᠴᠠᠭ ᠲᠠᠭᠠᠨ ᠮᠠᠰᠢ ᠳᠤᠬᠢᠷᠠᠵᠥ᠂ ᠮᠠᠰᠢ ᠴᠢᠬᠤᠯᠠᠳᠠᠢ ᠪᠠᠶᠢᠭ᠎ᠠ ᠶᠤᠮ᠃
      ᠪᠦᠬᠦ ᠨᠠᠮ ᠳᠤ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠢ ᠦᠷᠨᠢᠬᠦᠯᠬᠦ ᠪᠤᠯ ᠤᠬ ᠰᠠᠨᠠᠭ᠎ᠠ ᠡᠬᠦᠷᠬᠡ ᠬᠠᠷᠢᠭᠤᠴᠠᠯᠭ᠎ᠠ ᠪᠠᠨ ᠪᠠᠳᠤ ᠴᠠᠬᠡᠵᠢᠯᠡᠵᠥ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠡᠥᠬᠡ ᠶᠢᠨ ᠠᠭᠤᠤ ᠦᠢᠯᠡᠰ ᠢ ᠠᠬᠢᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠪᠤᠯᠤᠨ᠎ᠠ᠂ ᠢᠳᠡᠬᠡᠯ ᠪᠢᠰᠢᠷᠡᠯ ᠢᠳᠡᠬᠡᠯ ᠵᠤᠷᠢᠬ ᠢᠶᠠᠨ ᠪᠠᠳᠤᠳᠬᠠᠵᠥ᠂ ᠰᠢᠨ᠎ᠡ ᠴᠠᠬ ᠦᠶ᠎ᠡ ᠳᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠵᠠᠶᠢᠯᠠᠰᠢ ᠦᠭᠡᠢ ᠱᠠᠭᠠᠷᠳᠠᠯᠭ᠎ᠠ ᠪᠤᠯᠤᠨ᠎ᠠ᠂ ᠨᠠᠮ ᠤᠨ ᠦᠪᠡᠷ ᠪᠡᠶ᠎ᠡ ᠶᠢᠨ ᠬᠤᠪᠢᠰᠬᠠᠯ ᠢ ᠠᠬᠢᠭᠤᠯᠵᠥ᠂ ᠨᠠᠮ ᠤᠨ ᠠᠮᠢᠵᠢᠷᠠᠯ ᠤᠨ ᠬᠦᠴᠦᠨ ᠢ ᠡᠬᠦᠷᠢᠳᠡ ᠪᠠᠳᠤᠯᠠᠬᠤ ᠵᠠᠶᠢᠯᠠᠰᠢ ᠦᠭᠡᠢ ᠱᠠᠭᠠᠷᠳᠠᠯᠭ᠎ᠠ ᠪᠤᠯᠤᠨ᠎ᠠ ᠭᠡᠵᠤ ᠵᠢᠭᠠᠵᠤ ᠭᠠᠷᠭᠠᠵᠠᠢ᠃
      ᠵᠣᠬᠢᠶᠠᠯ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠭᠤᠣᠯᠳᠠᠯᠭ᠎ᠠ ᠶᠢ ᠲᠤᠪᠤᠶᠢᠯᠭᠠᠬᠤ ᠬᠡᠷᠡᠭᠲᠡᠢ᠃ ᠨᠢᠭᠡᠳᠦᠭᠡᠷ ᠲᠤ᠂ ᠦᠵᠡᠯ ᠰᠠᠨᠠᠭᠠᠨ ᠤ ᠠᠤᠭ᠎ᠠ ᠬᠦᠴᠦᠨ ᠢ ᠴᠢᠨᠠᠭᠰᠢᠲᠠ ᠣᠶᠢᠯᠠᠭᠠᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠪᠦᠬᠦ ᠨᠠᠮ ᠢ ᠵᠡᠪᠰᠡᠭᠯᠡᠬᠦ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠬᠤᠶᠠᠳᠤᠭᠠᠷ ᠲᠤ᠂ ᠲᠡᠦᠬᠡ ᠶᠢᠨ ᠬᠥᠭᠵᠢᠯᠲᠡ ᠶᠢᠨ ᠵᠢᠮ᠎ᠡ ᠶᠣᠰᠣ ᠪᠠ ᠶᠡᠭᠡ ᠬᠠᠨᠳᠤᠰᠢ ᠶᠢ ᠴᠢᠨᠠᠭᠰᠢᠲᠠ ᠡᠵᠡᠮᠳᠡᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠡᠦᠬᠡᠨ ᠰᠠᠨᠠᠭᠠᠴᠢᠯᠠᠭᠠᠲᠤ ᠡᠷᠬᠡ ᠶᠢ ᠢᠮᠠᠭᠲᠠ ᠡᠵᠡᠮᠰᠢᠬᠦ ᠬᠡᠷᠡᠭᠲᠡᠢ᠃ ᠭᠤᠷᠪᠠᠳᠤᠭᠠᠷ ᠲᠤ᠂ ᠨᠠᠮ ᠤᠨ ᠰᠢᠨᠵᠢ ᠴᠢᠨᠠᠷ ᠵᠣᠷᠢᠯᠲᠠ ᠶᠢᠨ ᠲᠤᠬᠠᠢ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠮᠠᠷᠺᠰ ᠤᠨ ᠦᠵᠡᠯ ᠤᠨ ᠲᠦᠷᠦ ᠶᠢᠨ ᠨᠠᠮ ᠤᠨ ᠢᠯᠡ ᠲᠣᠳᠣ ᠮᠥᠨ ᠴᠢᠨᠠᠷ ᠢ ᠢᠮᠠᠭᠳᠠ ᠪᠠᠳᠤᠯᠠᠬᠤ ᠬᠡᠷᠡᠭᠲᠡᠢ᠃ ᠳᠥᠷᠪᠡᠳᠦᠭᠡᠷ ᠲᠤ᠂ ᠨᠠᠮ ᠤᠨ ᠲᠡᠦᠬᠡᠨ ᠲᠤᠷᠰᠢᠯᠭ᠎ᠠ ᠶᠢ ᠴᠢᠨᠠᠭᠰᠢᠲᠠ ᠳ᠋ᠦᠩᠨᠡᠵᠦ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠴᠢᠳᠠᠪᠤᠷᠢ ᠪᠠ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠠᠪᠤᠳᠤᠭᠠᠷ ᠲᠤ᠂ ᠬᠤᠪᠢᠰᠬᠠᠯᠲᠤ ᠵᠣᠷᠢᠭ ᠰᠠᠨᠠᠭ᠎ᠠ ᠶᠢ ᠴᠢᠨᠠᠭᠰᠢᠳᠠ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠴᠤᠭ ᠪᠠᠳᠠᠷᠠᠩᠭᠤᠢ ᠵᠣᠷᠢᠭ ᠰᠠᠨᠠᠭ᠎ᠠ ᠶᠢ ᠢᠮᠠᠭᠲᠠ ᠪᠠᠳᠤᠯᠠᠬᠤ ᠬᠡᠷᠡᠭᠲᠡᠢ᠃ ᠵᠢᠷᠭᠤᠳᠤᠭᠠᠷ ᠲᠤ᠂ ᠨᠠᠮ ᠤᠨ ᠪᠦᠯᠬᠦᠮᠳᠡᠯ ᠪᠠ ᠲᠥᠪᠯᠡᠷᠡᠯ ᠨᠢᠭᠡᠳᠦᠯ ᠢ ᠴᠢᠨᠠᠭᠰᠢᠲᠠ ᠴᠢᠩᠭᠠᠳᠬᠠᠵᠤ᠂ ᠪᠦᠬᠦ ᠨᠠᠮ ᠤᠨ ᠠᠯᠬᠤᠮ ᠨᠢᠭᠡᠲᠡᠢ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃
      ᠵᠣᠬᠢᠶᠠᠯ ᠳᠤ᠂ ᠪᠦᠬᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠡᠷᠬᠡᠪᠰᠢ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠪᠦᠬᠦ ᠨᠠᠮ ᠢᠶᠠᠷ ᠢᠶᠠᠨ ᠲᠡᠭᠡᠲᠦ ᠬᠡᠮᠵᠢᠶ᠎ᠠ ᠪᠠᠷ ᠴᠢᠬᠤᠯᠠᠴᠢᠯᠠᠵᠦ᠂ ᠦᠵᠡᠯ ᠰᠠᠨᠠᠭ᠎ᠠ ᠵᠤᠭᠰᠤᠴᠠ ᠪᠠᠨ ᠲᠡᠭᠡᠭᠰᠢᠯᠡᠭᠦᠯᠵᠦ᠂ ᠪᠤᠲᠠᠲᠤ ᠪᠠᠶᠢᠲᠠᠯ ᠳᠤ ᠰᠠᠭᠤᠷᠢᠯᠠᠵᠦ᠂ ᠲᠦᠪ ᠶᠤᠰᠤ ᠶᠢ ᠪᠠᠷᠢᠮᠲᠠᠯᠠᠠ ᠰᠢᠨ᠎ᠠ ᠶᠢ ᠡᠭᠦᠳᠴᠤ᠂ ᠰᠤᠷᠤᠯᠴᠠᠯᠭ᠎ᠠ ᠬᠦᠮᠦᠵᠢᠯ ᠤᠨ ᠡᠯ᠎ᠠ ᠵᠦᠢᠯ ᠤᠨ ᠡᠬᠦᠷᠭᠡ ᠶᠢ ᠦᠨᠲᠦᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠭᠡᠷᠡᠭᠲᠡᠢ᠃ ᠨᠢᠭᠡ ᠳᠤ᠂ ᠵᠤᠬᠢᠶᠠᠠ ᠪᠠᠶᠢᠭᠤᠯᠵᠦ ᠤᠲᠤᠷᠢᠳᠬᠤ ᠪᠠᠨ ᠴᠢᠩᠭᠠᠳᠬᠠᠬᠤ ᠭᠡᠷᠡᠭᠲᠡᠢ᠃ ᠬᠤᠶᠠᠷ ᠲᠤ᠂ ᠵᠦᠪ ᠨᠠᠮ ᠤᠨ ᠲᠡᠤᠬᠡ ᠶᠢᠨ ᠦᠵᠡᠯᠲᠡ ᠶᠢ ᠪᠤᠢ ᠪᠤᠯᠭᠠᠬᠤ ᠭᠡᠷᠡᠭᠲᠡᠢ᠃ ᠭᠤᠷᠪᠠ ᠳᠤ᠂ ᠤᠯᠠᠠ ᠲᠦᠮᠠᠠ ᠳᠤ ᠦᠨᠡᠡ ᠬᠦ ᠪᠤᠲᠠᠲᠤ ᠶᠠᠪᠤᠳᠠᠯ ᠬᠢᠵᠦ ᠦᠭᠭᠦᠨ ᠬᠦᠴᠢᠷ ᠠᠰᠠᠭᠤᠲᠠᠯ ᠢ ᠨᠢ ᠰᠢᠢᠳᠪᠦᠷᠢᠯᠡᠵᠦ ᠦᠭᠬᠦ ᠭᠡᠷᠡᠭᠲᠡᠢ᠃ ᠲᠦᠷᠪᠡ ᠳᠤ᠂ ᠠᠷᠭ᠎ᠠ ᠬᠡᠯᠪᠡᠷᠢ ᠠᠷᠭ᠎ᠠ ᠬᠡᠮᠵᠢᠶ᠎ᠠ ᠪᠠᠨ ᠰᠢᠨᠡᠴᠢᠯᠡᠬᠦ ᠶᠢ ᠴᠢᠬᠤᠯᠠᠴᠢᠯᠠᠬᠤ ᠭᠡᠷᠡᠭᠲᠡᠢ᠃ ᠪᠦᠬᠦ ᠨᠡᠶᠢᠭᠡᠮ ᠳᠤ ᠨᠠᠮ ᠤᠨ ᠲᠡᠤᠬᠡ᠂ ᠰᠢᠨ᠎ᠠ ᠲᠤᠮᠲᠠᠲᠤ ᠤᠯᠤᠰ ᠤᠨ ᠲᠡᠤᠬᠡ᠂ ᠦᠭᠡᠷᠡᠴᠢᠯᠡᠯᠲᠡ ᠨᠡᠭᠡᠭᠡᠯᠲᠡ ᠶᠢᠨ ᠲᠡᠤᠬᠡ᠂ ᠨᠡᠶᠢᠭᠡᠮ ᠵᠢᠷᠤᠮ ᠤᠨ ᠬᠦᠭᠵᠢᠯᠲᠠ ᠶᠢᠨ ᠲᠡᠤᠬᠡ ᠶᠢᠨ ᠤᠬᠠᠭᠤᠯᠭ᠎ᠠ ᠬᠦᠮᠦᠵᠢᠯ ᠢ ᠦᠷᠭᠡᠡ ᠢᠶᠠᠷ ᠦᠷᠨᠢᠭᠦᠯᠵᠦ᠂ ᠨᠠᠮ ᠤᠨ ᠲᠡᠤᠬᠡ ᠶᠢᠨ ᠮᠡᠲᠡᠯᠭᠡ ᠶᠢ ᠲᠦᠭᠡᠮᠡᠯᠵᠢᠭᠦᠯᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠢ ᠤᠯᠠᠠ ᠲᠦᠮᠠᠠ᠂ ᠦᠨᠲᠦᠰᠦᠨ ᠱᠠᠲᠤᠨ ᠳᠤ ᠭᠦᠨᠵᠡᠭᠡᠢ ᠦᠷᠨᠢᠭᠦᠯᠵᠦ᠂ ᠬᠦᠮᠦᠰ ᠤᠨ ᠰᠡᠳᠭᠢᠯ ᠳᠤ ᠬᠠᠳᠠᠩᠰᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ