3 ᠳ᠋ᠤᠭᠠᠷ ᠰᠠᠷ᠎ᠠ ᠶᠢᠨ 30 ᠤ ᠡᠳᠦᠷ᠂ ᠲᠦᠩᠯᠢᠶᠣᠤ ᠬᠤᠲᠠ 2021 ᠣᠨ ᠤ ᠪᠥᠬᠦ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ᠃ ᠬᠤᠷᠠᠯ ᠳᠤ 2020 ᠣᠨ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠳ᠋ᠦᠩᠨᠡᠵᠦ᠂ 2021 ᠣᠨ ᠤ ᠪᠦᠬᠦ ᠬᠤᠳᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠤ᠂ 2017 — 2019 ᠣᠨ ᠤ ᠦᠶᠡᠯᠡᠯ ᠤᠨ ᠬᠤᠭᠤᠴᠠᠭᠠᠨ ᠳᠤ ᠰᠢᠨ᠎ᠡ ᠪᠠᠷ | ᠨᠡᠷᠡᠶᠢᠳᠦᠭᠰᠡᠨ ᠪᠠ ᠳᠠᠬᠢᠨᠲᠠ ᠨᠡᠷᠡᠶᠢᠳᠦᠭᠰᠡᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ ︵ᠰᠢᠶᠠᠩ ᠪᠠᠯᠭᠠᠰᠤ︶ ᠶᠢ ᠬᠥᠬᠢᠭᠦᠯᠦᠨ ᠰᠠᠶᠢᠰᠢᠶᠠᠵᠠᠢ᠃ | ᠲᠦᠩᠯᠢᠶᠣᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠪᠠᠢ ᠢᠦᠢ ᠬᠤᠷᠠᠯ ᠳᠤ ᠣᠷᠣᠯᠴᠠᠪᠠ᠃ | ᠬᠤᠷᠠᠯ ᠳᠤ ᠵᠢᠭᠠᠵᠤ ᠭᠠᠷᠭᠠᠭᠰᠠᠨ ᠨᠢ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠨᠢ ᠡᠷᠡᠭᠦᠯ ᠡᠩᠬᠡ ᠲᠦᠩᠯᠢᠶᠣᠤ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ᠂ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ᠂ ᠬᠦᠨᠳᠦ ᠶᠡᠭᠡ | ᠡᠪᠡᠳᠴᠢᠨ ᠡᠮᠭᠡᠭ ᠢ ᠰᠡᠷᠭᠡᠶᠢᠯᠡᠬᠦ ᠪᠠ ᠬᠢᠵᠠᠭᠠᠷᠯᠠᠬᠤ᠂ ᠲᠦᠩᠯᠢᠶᠣᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠷᠣᠯᠠᠭᠤᠯᠵᠤ ᠪᠣᠯᠤᠰᠢ ᠦᠭᠡᠢ ᠴᠢᠬᠤᠯᠠ | ᠦᠢᠯᠡᠳᠦᠯ ᠲᠠᠢ ᠶᠤᠮ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠪᠠ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠡᠯ᠎ᠡ | ᠪᠦᠷᠢᠯᠳᠦᠬᠦᠨ ᠨᠢᠭᠡᠴᠢ ᠨᠦᠭᠦᠳ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ | ᠠᠭᠤᠯᠤᠭᠳᠠᠬᠤᠨ ᠢᠶᠠᠨ ᠪᠠᠶᠠᠯᠢᠭᠵᠢᠭᠤᠯᠤᠨ᠂ ᠠᠵᠢᠯ ᠤᠨ ᠲᠣᠭᠲᠠᠴᠠ ᠪᠠᠨ ᠪᠦᠷᠢᠨᠰᠢᠭᠦᠯᠵᠦ᠂ ᠠᠵᠢᠯ ᠤᠨ ᠠᠷᠭ᠎ᠠ ᠪᠠᠨ ᠰᠢᠨᠡᠴᠢᠯᠠᠵᠤ᠂ ᠡᠷᠡᠭᠦᠯ ᠡᠩᠬᠡ | ᠲᠦᠩᠯᠢᠶᠣᠤ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ | ᠲᠦᠪᠰᠢᠨ ᠢ ᠪᠠᠲᠤᠯᠠᠬᠤ᠂ ᠲᠦᠩᠯᠢᠶᠣᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠳᠤ ᠦᠵᠡᠭᠦᠯᠪᠡᠰᠦ ᠵᠣᠬᠢᠬᠤ | ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠢ᠃ | ᠬᠤᠷᠠᠯ ᠳᠡᠭᠡᠷ᠎ᠡ᠂ ᠬᠥᠬᠢᠭᠦᠯᠦᠯ ᠭᠥᠷᠳᠡᠭᠰᠡᠨ ᠨᠠᠢᠮᠠᠨ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ | ᠬᠤᠰᠢᠭᠤᠨ ᠤ ᠹᠸᠩ ᠺᠦ᠋ ᠮᠠᠯᠵᠢᠯ ᠤᠨ ᠲᠠᠯᠠᠪᠠᠶ ᠶᠢᠨ ᠲᠥᠯᠥᠭᠡᠯᠡᠭᠴᠢᠳ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ | |