ᠪᠤᠭᠤᠲᠤ ᠬᠤᠲᠠ ᠶᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠡᠮᠬᠢ ᠵᠢᠷᠤᠮ ᠲᠠᠢ ᠶᠠᠪᠤᠭᠳᠠᠵᠤ ᠪᠣᠶ
ᠨᠡᠶᠢᠲᠡᠯᠡᠭᠰᠡᠨ ᠴᠠᠭ᠄
2021/4/2

     ᠪᠤᠭᠤᠲᠤ ᠬᠤᠲᠠ ᠶᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠬᠤᠶᠠᠳᠤᠭᠠᠷ ᠱᠠᠲᠤᠨ ᠤ ᠪᠡᠯᠡᠳᠬᠡᠯ ᠠᠵᠢᠯ ᠨᠢᠭᠡᠨᠲᠡ ᠪᠥᠬᠦ ᠲᠠᠯ᠎ᠠ ᠪᠠᠷ ᠳᠠᠭᠤᠰᠴᠤ᠂ ᠸᠠᠺᠼᠢᠨ ᠤ ᠲᠠᠷᠢᠯᠭ᠎ᠠ ᠶᠢᠨ ᠠᠵᠢᠯ ᠡᠮᠬᠢ ᠵᠢᠷᠤᠮ ᠲᠠᠢ ᠠᠭᠢᠵᠤ ᠪᠠᠶᠢᠨ᠎ᠠ᠃ 3 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠬᠤᠲᠠ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠨᠡᠶᠢᠲᠡ 10 ᠲᠦᠮᠡ ᠭᠠᠷᠤᠶ ᠬᠥᠮᠦᠨ᠂ ᠨᠡᠶᠢᠲᠡ 15 ᠲᠦᠮᠡ ᠭᠠᠷᠤᠶ ᠤᠳᠠᠭ᠎ᠠ ᠳᠠᠷᠢᠵᠤ᠂ ᠨᠢᠭᠡᠳᠦᠭᠡᠷ ᠱᠠᠲᠤᠨ ᠳᠤ ᠭᠤᠤᠯᠳᠠᠯᠭ᠎ᠠ ᠲᠠᠢ ᠬᠥᠮᠦᠰ ᠲᠤ ᠲᠠᠷᠢᠯᠭ᠎ᠠ ᠲᠠᠷᠢᠬᠤ ᠠᠵᠢᠯ ᠢ ᠠᠩᠬ᠎ᠠ ᠠᠯᠬᠤᠮ ᠪᠡᠶᠡᠯᠡᠭᠦᠯᠪᠡ᠃
     ᠪᠤᠭᠤᠲᠤ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠬᠢᠯᠡᠭᠴᠢ᠂ ᠬᠤᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠬᠠᠯᠠᠬᠤ ᠲᠤᠰᠬᠠᠶ ᠮᠡᠷᠭᠡᠵᠢᠯᠲᠡᠨ ᠯᠢᠨ ᠯᠢᠶᠠᠩ ᠰᠤᠷᠪᠤᠯᠵᠢᠯᠠᠭᠴᠢ ᠳᠤ ᠲᠠᠨᠢᠯᠴᠠᠭᠤᠯᠬᠤ ᠳᠤ ᠪᠠᠨ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠣᠰᠣᠭᠠᠷ᠂ ᠪᠤᠭᠤᠲᠤ ᠬᠤᠲᠠ ᠳᠠᠷᠠᠭᠠᠴᠢ ᠪᠠᠷ ᠬᠥᠮᠦᠰ ᠲᠤ ᠲᠠᠷᠢᠯᠭ᠎ᠠ ᠲᠠᠷᠢᠬᠤ ᠬᠡᠪᠴᠢᠶ᠎ᠡ ᠶᠢ ᠱᠠᠲᠤ ᠬᠤᠪᠢᠶᠠᠨ ᠦᠷᠭᠦᠯᠵᠢᠯᠡᠨ ᠥᠷᠭᠡᠳᠬᠡᠨ᠎ᠡ᠃ ᠲᠠᠷᠢᠯᠭ᠎ᠠ ᠲᠠᠷᠢᠬᠤ ᠬᠥᠮᠦᠰ ᠤᠨ ᠲᠠᠯ᠎ᠠ ᠪᠠᠷ᠂ ᠬᠤᠶᠠᠳᠤᠭᠠᠷ ᠱᠠᠲᠤᠨ ᠤ ᠲᠠᠷᠢᠯᠭ᠎ᠠ ᠲᠠᠷᠢᠬᠤ ᠠᠵᠢᠯ ᠢ ᠦᠶᠯᠡᠴᠢᠯᠡᠭᠡᠨ ᠤ ᠦᠶᠯᠡᠰ᠂ ᠬᠥᠳᠡᠯᠮᠦᠷᠢ ᠨᠢᠭᠲᠠᠷᠬᠠᠰᠠᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠠᠭᠰᠢ ᠰᠤᠷᠤᠭᠴᠢᠳ ᠵᠢᠴᠢ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠠᠵᠢᠯᠲᠠᠨ ᠠᠵᠢᠯᠴᠢᠳ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠢ ᠪᠠᠭᠲᠠᠭᠠᠭᠰᠠᠨ ᠭᠤᠤᠯᠳᠠᠯᠭ᠎ᠠ ᠲᠠᠢ ᠬᠥᠮᠦᠰ ᠵᠢᠴᠢ  ᠲᠠᠷᠢᠯᠭ᠎ᠠ ᠲᠠᠷᠢᠬᠤ ᠪᠠᠷ ᠪᠣᠯᠵᠤᠭᠰᠠᠨ ᠮᠠᠨ ᠤ ᠬᠤᠲᠠ ᠶᠢᠨ ᠰᠠᠭᠤᠭᠠᠯᠢ ᠠᠷᠠᠳ ᠲᠤ ᠲᠠᠷᠢᠯᠭ᠎ᠠ ᠲᠠᠷᠢᠬᠤ ᠪᠠᠷ ᠭᠤᠤᠯ ᠪᠣᠯᠭᠠᠨ᠎ᠠ᠃ ᠲᠠᠷᠢᠯᠭ᠎ᠠ ᠶᠢᠨ ᠴᠡᠭ ᠢ ᠲᠣᠬᠢᠷᠠᠭᠤᠯᠬᠤ ᠲᠠᠯ᠎ᠠ ᠪᠠᠷ᠂ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠲᠣᠬᠢᠷᠠᠭᠤᠯᠤᠭᠰᠠᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠴᠡᠭ ᠤᠤᠯ ᠤᠨ 89 ᠪᠠᠶᠢᠭᠰᠠᠨ ᠠᠴᠠ ᠨᠢ 107 ᠪᠣᠯᠤᠨ ᠨᠡᠮᠡᠭᠳᠡᠭᠦᠯᠵᠦ᠂ ᠵᠢᠱᠢᠯᠲᠡ ᠪᠠᠷ 6 ᠳ᠋ᠤᠭᠠᠷ ᠰᠠᠷ᠎ᠠ ᠶᠢᠨ ᠡᠴᠦᠰ ᠪᠣᠯᠬᠤ ᠳᠤ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ 40% ᠪᠠᠷᠤᠭ 110 ᠲᠦᠮᠡᠨ ᠬᠥᠮᠦᠨ ᠳᠤ ᠲᠠᠷᠢᠯᠭ᠎ᠠ ᠲᠠᠷᠢᠬᠤ ᠠᠵᠢᠯ ᠢ ᠪᠡᠶᠡᠯᠡᠭᠦᠯᠬᠦ ᠪᠣᠯᠤᠨ᠎ᠠ ᠭᠡᠵᠡᠢ᠃
     ᠬᠤᠲᠠ ᠶᠢᠨ ᠠᠷᠠᠳ ᠤᠨ ᠨᠡᠶᠢᠳᠡᠮ ᠠᠩᠬᠠᠷᠴᠤ ᠪᠠᠶᠢᠭ᠎ᠠ ᠲᠠᠷᠢᠯᠭ᠎ᠠ ᠶᠢᠨ ᠠᠮᠤᠷ ᠲᠦᠪᠰᠢᠨ᠂ ᠲᠠᠷᠢᠯᠭ᠎ᠠ ᠲᠠᠷᠢᠬᠤ ᠨᠠᠰᠤ ᠵᠢᠯ ᠪᠠ ᠵᠠᠷᠤᠳᠠᠯ ᠵᠡᠷᠭᠡ ᠠᠰᠠᠭᠤᠳᠠᠯ ᠤᠳ ᠤᠨ ᠲᠤᠬᠠᠶ ᠭᠡᠪᠡᠯ᠂ ᠣᠳᠣᠬᠠᠨ ᠳᠤ᠂ ᠮᠠᠨ ᠤ ᠤᠯᠤᠰ ᠤᠨ ᠸᠠᠺᠼᠢᠨ ᠤ ᠡᠮᠴᠢᠯᠡᠭᠡᠨ ᠤ ᠰᠤᠳᠤᠯᠭᠠᠨ ᠤ ᠦᠷ᠎ᠡ ᠳ᠋ᠦᠩ ᠪᠠ ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭᠠᠬᠢ ᠠᠮᠤᠷ ᠲᠥᠪᠰᠢᠨ ᠤ ᠬᠢᠨᠠᠨ ᠬᠡᠮᠵᠢᠯᠲᠡ ᠨᠢ ᠴᠥᠮ ᠸᠠᠺᠼᠢᠨ ᠤ ᠠᠮᠤᠷ ᠲᠥᠪᠰᠢᠨ ᠪᠥᠭᠡᠳ ᠲᠠᠷᠢᠯᠭ᠎ᠠ ᠲᠠᠷᠢᠬᠤ ᠨᠥᠬᠦᠴᠡᠯ ᠳᠤ ᠨᠡᠶᠢᠴᠡᠭᠰᠡᠨ ᠬᠤᠲᠠ ᠶᠢᠨ ᠠᠷᠠᠳ ᠰᠠᠨᠠᠭ᠎ᠠ ᠠᠮᠤᠷ ᠪᠣᠯᠵᠣᠵᠤ ᠲᠠᠷᠢᠯᠭ᠎ᠠ ᠲᠠᠷᠢᠭᠤᠯᠵᠤ ᠪᠣᠯᠤᠨ᠎ᠠ ᠭᠡᠳᠡᠭ ᠢ ᠰᠠᠨᠠᠭᠤᠯᠵᠤ ᠪᠠᠶᠢᠨ᠎ᠠ᠃ ᠣᠳᠣᠬᠠᠨ ᠤ ᠤᠯᠤᠰ ᠤᠨ ᠲᠥᠷᠥ ᠶᠢᠨ ᠪᠣᠳᠣᠯᠭ᠎ᠠ ᠶᠣᠰᠣᠭᠠᠷ ᠪᠣᠯ᠂ ᠪᠦᠬᠦᠯᠢ 18 ᠨᠠᠰᠤᠨ ︵ᠪᠠᠭᠲᠠᠨ᠎ᠠ︶ ᠠᠴᠠ ᠳᠡᠭᠡᠭᠰᠢᠬᠢ ᠬᠥᠮᠦᠰ ᠡᠷᠦᠬᠡ ᠠᠮᠠ ᠶᠢᠨ ᠬᠠᠷᠢᠶ᠎ᠠ ᠶᠢ ᠬᠢᠵᠠᠭᠠᠷᠯᠠᠬᠤ ᠦᠭᠡᠢ᠂ ᠴᠥᠮ ᠰᠦᠶᠳᠬᠡᠯ ᠲᠤᠰᠢᠶᠠᠬᠤ ᠦᠭᠡᠢ ᠪᠠᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠤᠯᠵᠤ ᠪᠣᠯᠤᠨ᠎ᠠ᠂ ᠬᠤᠪᠢ ᠬᠥᠮᠦᠨ ᠶᠠᠮᠠᠷ ᠴᠤ ᠵᠠᠷᠤᠳᠠᠯ ᠢ ᠡᠭᠦᠷᠭᠡᠯᠡᠬᠦ ᠴᠢᠬᠤᠯᠠ ᠥᠬᠡᠶ᠃
     ᠣᠳᠣᠬᠠᠨ ᠳᠤ᠂ ᠪᠤᠭᠤᠲᠤ ᠬᠤᠲᠠ ᠶᠢᠨ ᠬᠡᠷᠡᠭᠯᠡᠵᠦ ᠪᠠᠶᠢᠭ᠎ᠠ ᠸᠠᠺᠼᠢᠨ ᠨᠢ ᠤᠯᠤᠰ ᠤᠨ ᠡᠮ ᠤᠨ ᠪᠦᠯᠦᠭᠯᠡᠯ ᠤᠨ ᠪᠡᠭᠡᠵᠢᠩ ᠤᠨ ᠠᠮᠢᠳᠤ ᠪᠣᠳᠠᠰ ᠤᠨ ᠪᠦᠲᠦᠭᠡᠭᠳᠡᠬᠦᠨ ᠤ ᠰᠤᠳᠤᠯᠭᠠᠨ ᠤ ᠭᠠᠵᠠᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠶᠯᠡᠳᠪᠦᠷᠢᠯᠡᠭᠰᠡᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠢᠳᠡᠪᠬᠢ ᠥᠬᠡᠶᠢᠳᠡᠭᠦᠯᠬᠦ ᠸᠠᠺᠼᠢᠨ ( Vero ᠡᠰ ) ᠪᠣᠯᠤᠨ᠎ᠠ᠂ ᠨᠡᠶᠢᠲᠡ 2 ᠤᠳᠠᠭ᠎ᠠ ᠲᠠᠷᠢᠯᠭ᠎ᠠ ᠲᠠᠷᠢᠨ᠎ᠠ᠂ 2 ᠤᠳᠠᠭ᠎ᠠ ᠶᠢᠨ ᠲᠠᠷᠢᠯᠭ᠎ᠠ ᠶᠢᠨ ᠬᠤᠭᠤᠷᠤᠨᠳᠤᠬᠢ ᠬᠤᠭᠤᠴᠠᠭ᠎ᠠ 3 ᠭᠠᠷᠠᠭ ᠪᠤᠶᠤ ᠲᠡᠭᠦᠨ ᠠᠴᠠ ᠤᠷᠲᠤ ᠪᠠᠶᠢᠬᠤ ᠶᠢ ᠰᠠᠨᠠᠭᠠᠴᠢᠯᠠᠬᠤ ᠪᠥᠭᠡᠳ 2 ᠳ᠋ᠤᠭᠠᠷ ᠤᠳᠠᠭ᠎ᠠ ᠶᠢᠨ ᠲᠠᠷᠢᠯᠭ᠎ᠠ ᠶᠢ 8 ᠭᠠᠷᠠᠭ ᠤᠨ ᠳᠣᠲᠣᠷ᠎ᠠ ᠡᠷᠲᠡᠬᠡᠨ ᠲᠠᠷᠢᠬᠤ ᠶᠢ ᠰᠠᠨᠠᠭᠤᠯᠵᠤ ᠪᠠᠶᠢᠨ᠎ᠠ᠃ ᠮᠠᠨ ᠤ ᠬᠤᠲᠠ ᠶᠢᠨ ᠰᠠᠭᠤᠭᠠᠯᠢ ᠠᠷᠠᠳ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠢᠶᠠᠷ ᠳᠠᠮᠵᠢᠨ ᠲᠠᠷᠢᠯᠭ᠎ᠠ ᠲᠠᠷᠢᠭᠤᠯᠬᠤ ᠶᠢ ᠪᠣᠯᠵᠤᠵᠤ ᠪᠣᠯᠤᠨ᠎ᠠ᠃
     ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠴᠡᠭ ᠪᠣᠯᠬᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠤᠪᠣᠷ ᠰᠢᠷᠣᠶ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠲᠤ᠂ ᠪᠣᠯᠵᠤᠭᠰᠠᠨ ᠶᠣᠰᠤᠭᠠᠷ ᠲᠠᠷᠢᠯᠭ᠎ᠠ ᠲᠠᠷᠢᠭᠤᠯᠬᠤ ᠪᠠᠷ ᠢᠷᠡᠭᠰᠡᠨ ᠬᠤᠲᠠ ᠶᠢᠨ ᠠᠷᠠᠳ ᠡᠮᠬᠢ ᠵᠢᠷᠤᠮ ᠲᠠᠢ ᠪᠠᠷ ᠳᠡᠩᠰᠡᠯᠡᠨ ᠲᠠᠷᠢᠯᠭ᠎ᠠ ᠲᠠᠷᠢᠭᠤᠯᠵᠤ ᠪᠠᠶᠢᠬᠤ ᠶᠢ ᠰᠤᠷᠪᠤᠯᠵᠢᠯᠠᠭᠴᠢ ᠣᠯᠵᠤ ᠬᠠᠷᠠᠵᠠᠢ᠃ ᠬᠤᠲᠠ ᠶᠢᠨ ᠠᠷᠠᠳ ᠪᠣᠯᠵᠤᠭ᠎ᠠ ᠲᠣᠭᠲᠠᠭᠰᠠᠨ ᠮᠡᠳᠡᠭᠳᠡᠯ ᠣᠯᠤᠭᠰᠠᠨ ᠤ ᠳᠠᠷᠠᠭ᠎ᠠ᠂ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠠᠪᠴᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠲᠤ ᠬᠦᠷᠦᠨ ᠡᠮᠨᠡᠯᠭᠡ ᠶᠢᠨ ᠠᠵᠢᠯᠲᠠᠳ ᠤᠨ ᠵᠢᠯᠣᠭᠤᠳᠣᠯᠭ᠎ᠠ ᠪᠠᠷ᠂ ᠬᠦᠰᠦᠨᠦᠭ ᠲᠠᠭᠯᠠᠬᠤ᠂ ᠨᠣᠮᠧᠷ ᠳᠠᠭᠤᠳᠠᠬᠤ᠂ ᠳᠡᠩᠰᠡᠯᠡᠨ ᠲᠡᠮᠳᠡᠭᠯᠡᠬᠦ᠂ ᠲᠠᠷᠢᠯᠭ᠎ᠠ ᠲᠠᠷᠢᠭᠤᠯᠬᠤ᠂ ᠠᠵᠢᠭᠯᠠᠯᠲᠠ ᠳᠤ ᠰᠠᠭᠤᠬᠤ ᠲᠠᠰ ᠳᠠᠷᠠᠭᠠᠯᠠᠯ ᠢᠶᠠᠷ ᠲᠠᠷᠢᠯᠭ᠎ᠠ ᠲᠠᠷᠢᠭᠤᠯᠬᠤ ᠪᠣᠯᠤᠨ᠎ᠠ᠃
     ︽ᠪᠢ ᠨᠡᠶᠢᠭᠡᠮ ᠲᠣᠭᠤᠷᠢᠭ ᠲᠠᠢ ᠪᠣᠯᠵᠣᠬᠤ ᠠᠷᠭ᠎ᠠ ᠪᠠᠷ ᠥᠨᠥᠳᠦᠷ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠲᠤ ᠢᠷᠡᠵᠦ ᠸᠠᠺᠼᠢᠨ ᠤ ᠲᠠᠷᠢᠯᠭ᠎ᠠ ᠲᠠᠷᠢᠭᠤᠯᠪᠠ᠂ ᠪᠣᠯᠵᠤᠭ᠎ᠠ ᠤᠷᠤᠭᠰᠢᠲᠠᠶ ᠶᠠᠪᠤᠭᠳᠠᠵᠤ᠂ ᠲᠠᠷᠢᠯᠭ᠎ᠠ ᠨᠢ ᠡᠮᠬᠢ ᠵᠢᠷᠤᠮ ᠲᠠᠢ ᠪᠠᠶᠢᠨ᠎ᠠ᠃︾ ᠨᠡᠶᠢᠭᠡᠮ ᠲᠣᠭᠤᠷᠢᠭ ᠲᠠᠢ ᠪᠣᠯᠵᠣᠵᠤ ᠲᠠᠷᠢᠯᠭ᠎ᠠ ᠲᠠᠷᠢᠭᠤᠯᠤᠭᠰᠠᠨ ᠰᠢᠤᠸᠠᠢ ᠶᠠ ᠨᠢᠩ ᠲᠠᠷᠢᠯᠭ᠎ᠠ  ᠶᠢᠨ ᠳᠠᠷᠠᠭ᠎ᠠ ᠰᠤᠷᠪᠤᠯᠵᠢᠯᠠᠭᠴᠢ ᠳᠤ ᠬᠡᠯᠡᠭᠰᠡᠨ ᠪᠥᠭᠡᠳ᠂ ᠸᠠᠺᠼᠢᠨ ᠤ ᠪᠣᠯᠵᠤᠭ᠎ᠠ ᠪᠠ ᠲᠠᠷᠢᠯᠭ᠎ᠠ ᠶᠢᠨ ᠶᠠᠪᠤᠴᠠ ᠴᠥᠮ ᠮᠠᠰᠢ ᠤᠷᠤᠭᠰᠢᠲᠠᠶ ᠶᠠᠪᠤᠭᠳᠠᠪᠠ᠂ ᠥᠪᠡᠷ ᠢᠶᠠᠨ ᠸᠠᠺᠼᠢᠨ ᠤ ᠲᠠᠷᠢᠯᠭ᠎ᠠ ᠶᠢᠨ ᠳᠠᠷᠠᠭᠠᠬᠢ ᠢᠳᠡᠭᠡᠨ ᠤᠮᠳᠠᠭᠠᠨ ᠪᠠ ᠡᠷᠡᠭᠦᠯ ᠮᠡᠨᠳᠦ ᠶᠢᠨ ᠰᠠᠨᠠᠭᠤᠯᠭ᠎ᠠ ᠶᠢ ᠠᠩᠬᠠᠷᠴᠤ᠂ ᠲᠠᠷᠢᠯᠭ᠎ᠠ ᠶᠢ ᠴᠠᠭ ᠲᠤᠬᠠᠶ ᠳᠤ ᠨᠢ ᠪᠡᠶᠡᠯᠡᠭᠦᠯᠦᠨ᠎ᠡ ᠭᠡᠯ᠎ᠡ᠃
     ︽ᠸᠠᠺᠼᠢᠨ ᠤ ᠲᠠᠷᠢᠯᠭ᠎ᠠ ᠲᠠᠷᠢᠬᠤ ᠪᠣᠯ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠲᠦᠮᠵᠢᠲᠡᠶ᠂ ᠬᠠᠮᠤᠭ ᠤᠨ ᠬᠢᠮᠳᠠ᠂ ᠬᠠᠮᠤᠭ ᠤᠨ ᠳᠥᠭᠦᠮ ᠠᠷᠭ᠎ᠠ ᠮᠥᠨ᠂ ᠪᠠᠰᠠ ᠴᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠬᠠᠮᠤᠭ ᠤᠨ ᠬᠦᠴᠦᠲᠡᠶ ᠵᠡᠪᠰᠡᠭ ᠶᠤᠮ᠂ ᠸᠠᠺᠼᠢᠨ ᠤ ᠲᠠᠷᠢᠯᠭ᠎ᠠ ᠲᠠᠷᠢᠭᠤᠯᠤᠭᠰᠠᠨ ᠬᠥᠮᠦᠰ ᠤᠨ ᠨᠣᠷᠮ᠎ᠠ 70% ᠠᠴᠠ ᠳᠡᠭᠡᠭᠰᠢ ᠳᠤ ᠬᠦᠷᠪᠡᠯ ᠰᠠᠶ᠋ᠢ ᠬᠥᠮᠦᠰ ᠤᠨ ᠡᠭᠡᠯᠢᠯᠡᠭᠡ ᠶᠢᠨ ᠬᠠᠯᠬᠠᠪᠴᠢ ᠶᠢ ᠪᠣᠶ ᠪᠣᠯᠭᠠᠨ᠂ ᠰᠢᠨ᠎ᠡ ᠲᠢᠲᠢᠮᠯᠢᠭ ᠸᠢᠷᠦ᠋ᠰ ᠤᠨ ᠳᠠᠷᠬᠠᠨ ᠳᠡᠯᠭᠡᠷᠡᠬᠦ ᠶᠢ ᠬᠤᠷᠢᠭᠯᠠᠵᠤ ᠴᠢᠳᠠᠨ᠎ᠠ᠂ ᠪᠥᠬᠦ ᠬᠤᠲᠠ ᠶᠢᠨ ᠠᠷᠠᠳ ᠲᠠᠨᠢᠯᠲᠠ ᠪᠠᠨ ᠳᠡᠭᠡᠭᠰᠢᠯᠡᠭᠦᠯᠵᠦ᠂ ᠡᠷᠲᠡᠬᠡᠨ ᠲᠠᠷᠢᠯᠭ᠎ᠠ ᠲᠠᠷᠢᠭᠤᠯᠤᠭᠠᠷᠠᠢ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠤᠬᠠᠶ ᠯᠢᠨ ᠯᠢᠶᠠᠩ ᠬᠡᠯᠡᠬᠦ ᠳᠤ ᠪᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠵᠢᠴᠢ ᠮᠠᠨ ᠤ ᠬᠤᠲᠠ ᠶᠢᠨ ᠡᠯ᠎ᠡ ᠲᠠᠷᠢᠯᠭ᠎ᠠ ᠶᠢᠨ ᠴᠡᠭ ᠤᠳ ᠤᠨ ᠪᠥᠬᠦ ᠡᠮᠨᠡᠯᠭᠡ ᠶᠢᠨ ᠠᠵᠢᠯᠲᠠᠳ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠡᠯ᠎ᠡ ᠵᠦᠶᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠡᠷᠡᠭᠦᠯ ᠮᠡᠨᠳᠦ ᠶᠢᠨ ᠪᠠᠲᠤᠯᠠᠭ᠎ᠠ ᠬᠠᠩᠭᠠᠨ᠎ᠠ ᠭᠡᠪᠡ᠃


ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ