ᠨᠢᠭᠡᠳᠦᠭᠡᠷ ᠤᠯᠠᠷᠢᠯ ᠳᠤ ᠪᠥᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 4222.6 ᠳ᠋ᠦᠩᠰᠢᠭᠤᠷ ᠲᠥᠭᠦᠷᠢᠭ ᠲᠤ ᠬᠦᠷᠴᠦ ᠠᠳᠠᠯᠢ ᠬᠤᠭᠤᠴᠠᠭᠠᠨ ᠤ ᠬᠢ ᠠᠴᠠ 15.2% ᠨᠡᠮᠡᠭᠳᠡᠪᠡ
ᠨᠡᠶᠢᠲᠡᠯᠡᠭᠰᠡᠨ ᠴᠠᠭ᠄
2021/4/20

      4 ᠳ᠋ᠦ᠋ᠭᠡᠷ ᠰᠠᠷ᠎ᠠ ᠶᠢᠨ 19᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠰᠢᠶᠠ ᠷᠦᠩ ᠬᠤᠸᠠ 2021 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠨᠡᠶᠢᠲᠡᠯᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
      ᠨᠢᠭᠡᠳᠦᠭᠡᠷ ᠤᠯᠠᠷᠢᠯ ᠳᠤ᠂ ᠪᠦᠬᠦ ᠣᠷᠣᠨ ᠢᠶᠠᠷ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶ ᠶᠢᠨ ᠠᠵᠢᠯᠯᠠᠭᠠᠨ ᠤ ᠰᠡᠷᠭᠦᠯᠲᠡ ᠶᠢᠨ ᠴᠢᠨᠠᠷᠲᠠᠶ ᠨᠡᠮᠡᠭᠳᠡᠯ ᠤᠨ ᠪᠠᠶᠢᠳᠠᠯ ᠢ ᠦᠷᠭᠦᠯᠵᠢᠯᠡᠭᠦᠯᠵᠦ᠂ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃
      2021 ᠣᠨ ᠤ ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 4222.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.2% ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 155.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.1% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ

1781.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.1% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 2285.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.0% ᠨᠡᠮᠡᠭᠳᠡᠪᠡ᠃
      ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠤ ᠬᠢᠯᠠᠰ ᠴᠡᠭ ᠤᠯᠠᠨ ᠢᠯᠡᠷᠡᠵᠡᠢ᠃
      — ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠡᠮᠬᠢ ᠵᠢᠷᠤᠮ ᠲᠠᠢ ᠥᠷᠨᠢᠵᠦ᠂ ᠲᠠᠷᠢᠶᠠᠴᠢᠨ ᠡᠷᠦᠭᠡ ᠶᠢᠨ ᠲᠠᠷᠢᠮᠠᠯ ᠤᠨ ᠢᠳᠡᠪᠬᠢᠵᠢᠯ ᠳᠡᠭᠡᠭᠰᠢᠯᠡᠵᠦ᠂ ᠮᠠᠯ ᠠᠵᠤ ᠠᠬᠤᠶ ᠶᠢᠨ ᠦᠢᠯᠡᠳᠪᠦᠷᠢᠯᠡᠯ ᠲᠣᠭᠲᠠᠭᠤᠨ ᠢᠶᠠᠷ ᠰᠠᠶᠢᠵᠢᠷᠠᠪᠠ᠃ ᠡᠭᠦᠨ ᠳᠤ᠂ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠠᠷᠠᠴᠢᠯᠠᠨ ᠲᠡᠵᠢᠭᠡᠵᠦ ᠪᠠᠶᠢᠭ᠎ᠠ ᠭᠠᠭ᠋ᠠᠶ ᠶᠢᠨ ᠲᠤᠭ᠎ᠠ 500 ᠲᠦᠮᠡ ᠶᠢ ᠳᠠᠪᠠᠵᠤ᠂ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠪᠡ︔ ᠦᠬᠡᠷ ᠤᠨ ᠲᠤᠭ᠎ᠠ 700 ᠲᠦᠮᠡ ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 6%᠎ ᠠᠴᠠ ᠳᠡᠭᠡᠭᠰᠢ ᠨᠡᠮᠡᠭᠳᠡᠪᠡ︔ ᠬᠤᠨᠢ ᠶᠢᠨ ᠲᠤᠭ᠎ᠠ 6700 ᠲᠦᠮᠡ ᠪᠣᠯᠵᠤ᠂ ᠪᠠᠭ᠎ᠠ ᠬᠡᠮᠵᠢᠶ᠎ᠡ ᠪᠠᠷ ᠨᠡᠮᠡᠭᠳᠡᠪᠡ᠃ ᠭᠠᠷᠤᠯᠲᠠ ᠠᠴᠠ ᠦᠵᠡᠪᠡᠯ᠂ ᠮᠢᠬ᠎ᠠ᠂ ᠵᠢᠭᠦᠷᠲᠡᠨ ᠤ ᠥᠨᠳᠡᠭᠡ ᠪᠠ ᠰᠦ ᠶᠢᠨ ᠭᠠᠷᠤᠯᠲᠠ ᠴᠥᠮ ᠨᠡᠮᠡᠭᠳᠡᠵᠦ᠂ ᠭᠠᠭ᠋ᠠᠶ᠂ ᠦᠬᠡᠷ᠂ ᠬᠤᠨᠢ᠂ ᠵᠢᠭᠦᠷᠲᠡᠨ ᠤ ᠮᠢᠬᠠᠨ ᠤ ᠭᠠᠷᠤᠯᠲᠠ 35 ᠲᠦᠮᠡᠨ ᠲᠣᠨ ᠢ ᠳᠠᠪᠠᠵᠤ᠂ ᠵᠢᠭᠦᠷᠲᠡᠨ ᠤ ᠥᠨᠳᠡᠭᠡ ᠶᠢᠨ ᠭᠠᠷᠤᠯᠲᠠ 11 ᠲᠦᠮᠡᠨ ᠲᠣᠨ ᠢ ᠳᠠᠪᠠᠵᠤ᠂ ᠦᠨᠢᠶᠡᠨ ᠰᠦ ᠶᠢᠨ ᠭᠠᠷᠤᠯᠲᠠ 120 ᠲᠦᠮᠡᠨ ᠲᠣᠨ ᠰᠢᠬᠠᠮ ᠪᠣᠯᠵᠠᠶ᠃
      — ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠲᠣᠭᠲᠠᠭᠤᠨ ᠢᠶᠠᠷ ᠨᠡᠮᠡᠭᠳᠡᠵᠦ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠶᠢ ᠲᠦᠷᠭᠡᠳᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 16%᠎ ᠠᠴᠠ ᠳᠡᠭᠡᠭᠰᠢ ᠨᠡᠮᠡᠭᠳᠡᠪᠡ᠃ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 21%᠎ ᠶᠢ ᠳᠠᠪᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19%᠎ ᠠᠴᠠ ᠳᠡᠭᠡᠭᠰᠢ ᠨᠡᠮᠡᠭᠳᠡᠨ᠂ ᠦᠢᠯᠡᠳᠬᠦ ᠦᠢᠯᠡᠰ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠮᠡᠭᠳᠡᠯ ᠤᠨ ᠬᠠᠨᠳᠤᠰᠢ ᠶᠢ ᠪᠠᠲᠤᠯᠠᠨ᠂ ᠪᠥᠬᠦ ᠴᠠᠬᠢᠯᠭᠠᠨ ᠭᠠᠷᠭᠠᠬᠤ ᠬᠡᠮᠵᠢᠶ᠎ᠡ ᠳᠠᠬᠢ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢᠨ ᠡᠵᠡᠯᠡᠬᠦ ᠬᠤᠪᠢ ᠶᠢᠨ ᠵᠢᠩ ᠳᠡᠭᠡᠭᠰᠢᠯᠡᠭᠡᠳ 18.5% ᠪᠣᠯᠪᠡ᠃
      — ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠰᠡᠷᠭᠦᠵᠦ᠂ ᠪᠠᠷᠠᠭ᠎ᠠ ᠶᠢᠨ ᠭᠦᠢᠯᠭᠡᠭᠡᠨ ᠤ ᠠᠵᠢᠯ ᠲᠥᠷᠥᠯ ᠦᠭᠡᠳᠡᠯᠡᠬᠦ ᠬᠠᠨᠳᠤᠰᠢ ᠲᠠᠢ ᠪᠣᠯᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠵᠢᠴᠢ ᠰᠢᠤᠳᠠᠨ ᠤ ᠦᠢᠯᠡᠰ ᠪᠠ ᠬᠡᠷ ᠭᠠᠵᠠᠷ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ ᠴᠥᠮ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠵᠢᠭᠠᠯᠲᠠ ᠲᠤᠭ᠎ᠠ 50%᠎ ᠠᠴᠠ ᠳᠡᠭᠡᠭᠰᠢᠬᠢ ᠥᠷᠭᠡᠳᠬᠡᠯ ᠤᠨ ᠣᠷᠣᠨ ᠵᠠᠶ ᠳᠤ ᠳᠠᠬᠢᠨ ᠪᠤᠴᠡᠪᠡ᠃
      — ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠵᠦ᠂ ᠪᠦᠲᠦᠴᠡ ᠨᠢ ᠦᠷᠭᠦᠯᠵᠢᠯᠡᠨ ᠰᠢᠯᠢᠳᠡᠭᠵᠢᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 70%᠎ ᠠᠴᠠ ᠳᠡᠭᠡᠭᠰᠢ ᠨᠡᠮᠡᠭᠳᠡᠵᠦ᠂ ᠰᠢᠨ᠎ᠡ ᠪᠠᠷ ᠠᠵᠢᠯ ᠡᠬᠢᠯᠡᠭᠦᠯᠦᠭᠰᠡᠨ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠬᠢᠨ ᠢᠶᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠪᠥᠬᠦ ᠲᠠᠯ᠎ᠠ ᠪᠠᠷ ᠨᠡᠮᠡᠭᠳᠡᠨ᠂ ᠰᠠᠭᠤᠷᠢ ᠪᠡᠯᠡᠳᠬᠡᠮᠵᠢ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠳᠤᠲᠠᠭᠤᠳᠠᠯ ᠢ ᠨᠥᠬᠦᠪᠥᠷᠢᠯᠡᠬᠦ ᠬᠦᠷᠢᠶᠡᠨ ᠳᠠᠬᠢ ᠪᠠᠯᠠ ᠣᠷᠣᠭᠤᠯᠤᠯᠲᠠ ᠶᠢᠨ ᠡᠷᠴᠢᠮ ᠴᠢᠩᠭᠠᠷᠠᠵᠤ᠂ ᠬᠡᠷ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠪᠠ᠃
      — ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ ᠶᠠᠪᠤᠳᠠᠯ ᠰᠠᠶᠢᠨ ᠰᠠᠶᠢᠬᠠᠨ ᠬᠥᠭᠵᠢᠯᠲᠡ ᠪᠠᠨ ᠪᠠᠲᠤᠯᠠᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 1166.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.6% ᠨᠡᠮᠡᠭᠳᠡᠪᠡ᠃ ᠡᠭᠦᠨ ᠳᠤ᠂ ᠬᠤᠳᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 26.6% ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 19.1% ᠨᠡᠮᠡᠭᠳᠡᠪᠡ᠃ ᠡᠭᠦᠨ ᠤ ᠬᠠᠮᠲᠤ᠂ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 38.2% ᠨᠡᠮᠡᠭᠳᠡᠵᠡᠶ᠃
      — ᠰᠠᠭᠤᠭᠠᠯᠢ ᠠᠷᠠᠳ ᠤᠨ ᠣᠷᠣᠯᠭ᠎ᠠ ᠳᠡᠭᠡᠭᠰᠢᠯᠡᠪᠡ᠃ ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9089 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.9% ᠨᠡᠮᠡᠭᠳᠡᠵᠦ᠂ ᠦᠨ᠎ᠡ ᠬᠠᠩᠰᠢ ᠶᠢᠨ ᠬᠦᠴᠦᠨ ᠵᠦᠢᠯ ᠢ ᠬᠠᠰᠤᠪᠠᠯ ᠪᠣᠳᠠᠲᠠᠢ ᠪᠠᠷ 15.7% ᠨᠡᠮᠡᠭᠳᠡᠵᠡᠢ᠃ ᠡᠭᠦᠨ ᠳᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠨᠢ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠠᠴᠠ ᠲᠥᠷᠭᠡᠨ ᠪᠣᠯᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ