ᠰᠢ ᠶᠢᠨ ᠫᠢᠩ ᠴᠢᠩᠬᠤᠸᠠ ᠶᠡᠭᠡ ᠰᠤᠷᠭᠠᠭᠤᠯᠢ ᠳᠤ ᠠᠵᠢᠯ ᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2021/4/20

      ᠴᠢᠩᠬᠤᠸᠠ ᠶᠡᠭᠡ ᠰᠤᠷᠭᠠᠭᠤᠯᠢ ᠪᠠᠶᠢᠭᠤᠯᠤᠭᠳᠠᠭᠰᠠᠨ 110 ᠵᠢᠯ ᠤᠨ ᠣᠶ ᠪᠣᠯᠬᠤ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠴᠢᠩᠬᠤᠸᠠ ᠶᠡᠭᠡ ᠰᠤᠷᠭᠠᠭᠤᠯᠢ ᠳᠤ ᠬᠦᠷᠴᠦ᠂ ᠤᠷᠢᠳ ᠬᠤᠵᠢᠳ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠳᠦᠷᠰᠦ ᠪᠦᠲᠦᠭᠡᠯᠲᠡ ᠪᠠ ᠣᠶᠤᠨᠲᠤ ᠮᠡᠷᠭᠡᠵᠢᠯ ᠤᠨ ᠲᠤᠷᠰᠢᠯᠲᠠ ᠶᠢᠨ ᠲᠠᠰᠤᠭ᠂ ᠭᠤᠣᠯᠳᠠᠯᠭ᠎ᠠ ᠲᠠᠢ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠦᠵᠡᠭᠦᠯᠭᠡ᠂ ᠪᠠᠷᠠᠭᠤᠨ ᠪᠡᠶ᠎ᠡ ᠶᠢᠨ ᠲᠠᠮᠢᠷ ᠤᠨ ᠣᠷᠳᠣᠨ ᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ᠂ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠭᠰᠠᠨ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠳᠤ ᠰᠢᠨ᠎ᠡ ᠶᠢ ᠡᠭᠦᠳᠦᠭᠰᠡᠨ ᠪᠠ ᠤᠯᠤᠰ ᠤᠨ ᠬᠥᠭᠵᠢᠯᠲᠡ ᠳᠤ ᠦᠢᠯᠡᠴᠢᠯᠡᠭᠰᠡᠨ ᠵᠡᠷᠭᠡ ᠪᠠᠶᠢᠳᠠᠯ ᠢ ᠣᠶᠢᠯᠠᠭᠠᠪᠠ᠃ ᠵᠠᠯᠭᠠᠭᠠᠳ ᠰᠢ ᠶᠢᠨ ᠫᠢᠩ ᠪᠠᠭᠰᠢ ᠰᠤᠷᠤᠭᠴᠢᠳ ᠤᠨ ᠲᠥᠯᠥᠭᠡᠯᠡᠭᠴᠢᠳ ᠲᠠᠢ ᠶᠠᠷᠢᠯᠴᠠᠬᠤ ᠬᠤᠷᠠᠯ ᠬᠢᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃ ︵ᠦᠰᠦᠭ ᠪᠢᠴᠢᠭ ᠤᠨ ᠰᠤᠷᠪᠤᠯᠵᠢᠯᠠᠭᠴᠢ᠄ ᠰᠦᠨ ᠲᠢᠶᠧ ᠰᠢᠶᠠᠩ᠂ ᠬᠤ᠋ ᠬᠤᠤ︔ ᠭᠡᠷᠡᠯ ᠵᠢᠷᠤᠭ ᠤᠨ ᠰᠤᠷᠪᠤᠯᠵᠢᠯᠠᠭᠴᠢ᠄ ᠵᠢᠤᠢ ᠫᠧᠩ᠂ ᠬᠤᠸᠠᠩ ᠵᠢᠩ ᠸᠧᠨ᠂ ᠭᠤᠣ ᠵᠢᠶᠧ᠂ ᠳ᠋ᠢᠩ ᠯᠢᠨ︶

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ