ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠴᠢᠷᠮᠠᠶᠢᠨ ᠲᠥᠯᠬᠢᠨ ᠠᠭᠢᠭᠤᠯᠤᠶ᠎ᠠ  ᠬᠤᠸᠠᠩ ᠷᠦᠩ ᠪᠦᠯᠬᠦᠮ ᠳᠠᠭᠠᠭᠤᠯᠤᠨ ᠪᠠᠶᠢᠴᠠᠭᠠᠨ ᠰᠤᠳᠤᠯᠤᠯᠲᠠ ᠬᠢᠵᠦ ᠴᠢ᠊ ᠪᠠᠲᠤ ᠶᠠᠷᠢᠯᠴᠠᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/4/21

      4 ᠳ᠋ᠦ᠋ᠭᠡᠷ ᠰᠠᠷ᠎ᠠ ᠶᠢᠨ 19᠎ ᠤ ᠡᠳᠦᠷ ᠠᠴᠠ 20᠎ ᠤ ᠡᠳᠦᠷ ᠪᠣᠯᠲᠠᠯ᠎ᠠ᠂ ᠪᠥᠬᠦ ᠤᠯᠤᠰ ᠤᠨ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠬᠤᠸᠠᠩ ᠷᠦᠩ ᠪᠦᠯᠬᠦᠮ ᠳᠠᠭᠠᠭᠤᠯᠤᠨ ᠬᠥᠬᠡᠬᠤᠲᠠᠨ᠎ᠠ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠭᠰᠡᠨ ᠪᠠᠶᠢᠨ᠎ᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
      ᠬᠤᠸᠠᠩ ᠷᠦᠩ ᠵᠢᠭᠠᠨ ᠭᠠᠷᠭᠠᠬᠤ ᠳᠤ ᠪᠠᠨ᠂ ᠢᠲᠡᠭᠡᠮᠵᠢ ᠪᠣᠯ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠠᠭᠤᠷᠢ ᠮᠥᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠤᠯᠤᠰ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠬᠡᠷᠡᠭᠴᠡᠭᠡ ᠪᠣᠯᠬᠤ ᠪᠠᠷ ᠦᠯᠦ ᠪᠠᠷᠠᠮ ︽ᠬᠤᠶᠠᠷ ᠡᠷᠡᠭᠦᠯ ᠮᠡᠨᠳᠦ︾᠎ ᠶᠢ ᠠᠬᠢᠭᠤᠯᠬᠤ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠬᠡᠷᠡᠭᠴᠡᠭᠡ ᠶᠤᠮ᠂ ᠨᠠᠩ ᠴᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠦᠮᠦᠰ ᠤᠨ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠭᠦᠨᠵᠡᠭᠡᠶᠢᠷᠡᠭᠦᠯᠬᠦ ᠶᠢᠨ ᠬᠡᠷᠡᠭᠴᠡᠭᠡ ᠮᠥᠨ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠵᠢᠴᠢ ᠠᠵᠤ ᠦᠶᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠲᠡᠭᠡᠮᠵᠢ ᠶᠢᠨ ᠪᠠᠶᠢᠭᠤᠯᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯᠡᠰ ᠲᠤ ᠪᠠᠨ ᠣᠷᠣᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠴᠢᠷᠮᠠᠶᠢᠨ ᠠᠬᠢᠭᠤᠯᠬᠤ ᠬᠡᠷᠡᠭᠲᠡᠶ ᠭᠡᠯ᠎ᠡ᠃
      ᠴᠢ᠊ ᠪᠠᠲᠤ ᠴᠢᠬᠤᠯᠠᠴᠢᠯᠠᠬᠤ ᠳᠤ ᠪᠠᠨ᠂ ᠣᠶᠢᠷ᠎ᠠ ᠶᠢᠨ ᠵᠢᠯ ᠤᠳ ᠲᠤ ᠥᠪᠥᠷ ᠮᠣᠩᠭᠤᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠡᠷᠴᠢᠮ ᠢᠶᠠᠨ ᠴᠢᠩᠭᠠᠷᠠᠭᠤᠯᠬᠤ ᠪᠠᠷ ᠳᠠᠮᠵᠢᠭᠤᠯᠤᠨ᠂ ᠢᠲᠡᠭᠡᠮᠵᠢ ᠶᠢᠨ ᠮᠡᠳᠡᠭᠡ ᠵᠠᠩᠭᠢ ᠶᠢᠨ ︽ᠪᠠᠬᠢᠯᠡᠯᠲᠡ︾ ᠪᠠ ︽ᠥᠨᠥᠴᠢᠨ ᠠᠷᠠᠯ︾᠎ ᠢ ᠪᠦᠲᠦᠮᠵᠢᠲᠡᠶ ᠠᠷᠢᠯᠭᠠᠪᠠ︔ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠬᠡᠪᠴᠢᠶ᠎ᠡ ᠶᠢ ᠲᠠᠰᠤᠷᠠᠯᠲᠠ ᠤᠢᠭᠡᠢ ᠥᠷᠭᠡᠳᠬᠡᠵᠦ᠂ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠠᠯᠬᠤᠮ ᠠᠯᠬᠤᠮ ᠢᠶᠠᠷ ᠪᠣᠶᠢᠵᠢᠭᠤᠯᠤᠨ ᠪᠣᠵᠠᠭᠠᠶᠢᠷᠠᠭᠤᠯᠤᠭᠰᠠᠨ ᠪᠠᠶᠢᠨ᠎ᠠ︔ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠲᠣᠪᠣᠶᠢᠮ᠎ᠠ ᠰᠠᠶᠢᠲᠤᠷ ᠠᠳᠬᠤᠵᠤ᠂ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠪᠦᠬᠦ ᠨᠡᠶᠢᠭᠡᠮ ᠢᠶᠠᠷ ᠢᠶᠠᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠪᠠᠶᠢᠳᠠᠯ ᠢ ᠪᠣᠶ ᠪᠣᠯᠭᠠᠵᠠᠢ᠃ ᠬᠤᠶᠢᠰᠢᠳᠠ ᠪᠢᠳᠡ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠥᠷᠭᠦᠯᠵᠢᠯᠡᠨ ᠴᠢᠩᠭᠠᠳᠬᠠᠵᠤ᠂ ︽ᠬᠤᠶᠠᠷ ᠡᠷᠡᠭᠦᠯ ᠮᠡᠨᠳᠦ︾᠎ ᠶᠢ ᠴᠢᠷᠮᠠᠶᠢᠨ ᠠᠭᠢᠭᠤᠯᠤᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠬᠡᠵᠡᠢ᠃

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ