ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠳᠤᠭᠤᠶᠢᠯᠠᠩ ᠮᠠᠨ ᠤ ᠣᠷᠣᠨ ᠤ 2020 ᠣᠨ ᠤ ᠠᠶᠤᠯ ᠦᠭᠡᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠳᠤ ᠬᠢᠨᠠᠨ ᠰᠢᠯᠭᠠᠬᠤ ᠲᠣᠭᠤᠷᠢᠨ ᠪᠠᠶᠢᠴᠠᠭᠠᠯᠲᠠ ᠬᠢᠪᠡ  ᠰᠦᠩ ᠰᠢᠨ ᠴᠤᠤ ᠶᠠᠷᠢᠶ᠎ᠠ ᠲᠠᠯᠪᠢᠵᠤ ᠵᠧᠩ ᠬᠤᠩ ᠹᠠᠨ ᠬᠠᠷᠢᠭᠤ ᠮᠡᠳᠡᠭᠦᠯᠦᠯᠲᠡ ᠬᠢᠪᠡ
ᠨᠡᠶᠢᠲᠡᠯᠡᠭᠰᠡᠨ ᠴᠠᠭ᠄
2021/4/21

      ᠲᠦᠷᠦ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 4 ᠳ᠋ᠦ᠋ᠭᠡᠷ ᠰᠠᠷ᠎ᠠ ᠶᠢᠨ 18᠎ ᠤ ᠡᠳᠦᠷ ᠠᠴᠠ 24᠎ ᠤ ᠡᠳᠦᠷ ᠪᠣᠯᠲᠠᠯ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠷᠪᠠᠨ ᠲᠠᠪᠤᠳᠤᠭᠠᠷ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠳᠤᠭᠤᠶᠢᠯᠠᠩ ᠮᠠᠨ ᠤ ᠣᠷᠣᠨ ᠤ 2020 ᠣᠨ ᠤ ᠠᠶᠤᠯ ᠦᠭᠡᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠳᠤ ᠬᠢᠨᠠᠨ ᠰᠢᠯᠭᠠᠬᠤ ᠲᠣᠭᠤᠷᠢᠨ ᠪᠠᠶᠢᠴᠠᠭᠠᠯᠲᠠ ᠥᠷᠨᠢᠭᠦᠯᠵᠡᠢ᠃ 4 ᠳ᠋ᠦ᠋ᠭᠡᠷ ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨ᠎ᠡ᠂ ᠬᠢᠨᠠᠨ ᠰᠢᠯᠭᠠᠬᠤ ᠲᠣᠭᠤᠷᠢᠨ ᠪᠠᠶᠢᠴᠠᠭᠠᠬᠤ ᠬᠠᠷᠢᠭᠤ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠬᠤᠷᠠᠯᠳᠤᠪᠠ᠃
      ᠠᠷᠪᠠᠨ ᠲᠠᠪᠤᠳᠤᠭᠠᠷ ᠬᠢᠨᠠᠨ ᠰᠢᠯᠭᠠᠬᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠡᠳ᠋ ᠳᠠᠷᠤᠭ᠎ᠠ ᠰᠥᠩ ᠰᠢᠨ ᠴᠤᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠬᠤᠷᠠᠯ ᠢ ᠡᠷᠭᠢᠯᠡᠨ ᠬᠠᠷᠢᠭᠤ ᠮᠡᠳᠡᠭᠦᠯᠦᠯᠲᠡ ᠬᠢᠪᠠ᠃
      ᠰᠦᠩ ᠰᠢᠨ ᠴᠤᠤ ᠵᠢᠭᠠᠵᠤ ᠭᠠᠷᠭᠠᠭᠰᠠᠨ ᠨᠢ᠂ ᠠᠶᠤᠯ ᠦᠭᠡᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠢ ᠬᠢᠨᠠᠨ ᠰᠢᠯᠭᠠᠵᠤ ᠲᠣᠭᠤᠷᠢᠨ ᠪᠠᠶᠢᠴᠠᠭᠠᠵᠤ ᠪᠠᠶᠢᠭ᠎ᠠ ᠶᠠᠪᠤᠳᠠᠯ ᠪᠣᠯ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠥᠭᠡᠢ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠡᠯ᠎ᠡ ᠭᠠᠵᠠᠷ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠰᠢᠨ᠎ᠡ ᠬᠥᠭᠵᠢᠯᠲᠡ ᠶᠢᠨ ᠱᠠᠳᠤ ᠦᠶ᠎ᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ᠂ ᠰᠢᠨ᠎ᠡ ᠬᠥᠭᠵᠢᠯᠲᠡ ᠶᠢᠨ ᠤᠨᠤᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠨ ᠪᠠᠶᠢᠭᠤᠯᠬᠤ ᠶᠢ ᠠᠬᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠤᠨᠤᠯᠵᠢᠬᠤᠨ ᠢ ᠪᠠᠲᠤ ᠪᠠᠬᠢᠵᠢᠭᠦᠯᠦᠨ᠂ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠥᠯᠥᠪᠵᠢᠭᠦᠯᠵᠤ᠂ ᠠᠮᠤᠷ ᠲᠦᠪᠰᠢᠨ ᠲᠣᠭᠲᠠᠭᠤᠨ ᠪᠠᠶᠢᠬᠤ ᠪᠠᠶᠢᠳᠠᠯ ᠢ ᠦᠨᠡᠨ ᠬᠦ ᠪᠠᠲᠤᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠦᠨᠳᠦᠷᠵᠢᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠠᠵᠢᠯ ᠢᠶᠠᠷ ᠠᠮᠤᠷ ᠲᠦᠪᠰᠢᠨ ᠪᠠᠶᠢᠳᠠᠯ ᠢ ᠲᠣᠭᠲᠠᠭᠤᠨ ᠪᠣᠯᠭᠠᠬᠤ ᠬᠡᠷᠡᠭᠲᠡᠢ ᠭᠡᠪᠡ᠃
      ᠵᠧᠩ ᠬᠤᠩ ᠹᠠᠨ ᠢᠯᠡᠳᠬᠡᠬᠦ ᠳᠤ ᠪᠠᠨ᠂ ᠡᠨᠡ ᠤᠳᠠᠭ᠎ᠠ ᠶᠢᠨ ᠬᠢᠨᠠᠨ ᠰᠢᠯᠭᠠᠵᠤ ᠲᠣᠭᠤᠷᠢᠨ ᠪᠠᠶᠢᠴᠠᠭᠠᠵᠤ ᠪᠠᠶᠢᠭ᠎ᠠ ᠶᠠᠪᠤᠳᠠᠯ ᠪᠣᠯ ᠮᠠᠨ ᠤ ᠣᠷᠣᠨ ᠤ ᠠᠶᠤᠯ ᠦᠭᠡᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ ᠪᠠᠶᠢᠭ᠎ᠠ ᠪᠠ ᠲᠦᠢᠯ ᠤᠨ ᠣᠨᠤᠪᠴᠢᠲᠠᠢ ᠵᠢᠯᠤᠭᠤᠳᠤᠯᠭ᠎ᠠ ᠪᠣᠯᠬᠤ ᠶᠤᠮ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠠᠵᠢᠯ ᠳᠤ ᠰᠠᠶᠢᠲᠤᠷ ᠬᠠᠮᠵᠢᠯᠴᠠᠵᠤ᠂ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠳᠤ ᠳ᠋ᠤᠭᠠᠷ ᠢ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠠᠴᠠ ᠨᠦᠬᠦᠭᠡ ᠶᠢ ᠵᠦᠢᠴᠢᠯᠡᠨ᠂ ᠲᠡᠷᠡ ᠳᠠᠷᠤᠢ ᠳᠤ ᠨᠢ ᠬᠡᠷᠡᠭᠵᠢᠭᠦᠯᠦᠨ ᠲᠡᠷᠡ ᠳᠠᠷᠤᠢ ᠳᠤ ᠨᠢ ᠥᠭᠡᠷᠡᠴᠢᠯᠡᠵᠦ᠂ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠬᠢᠨᠠᠨ ᠰᠢᠯᠭᠠᠬᠤ ᠪᠠᠷ ᠠᠵᠠ ᠲᠣᠬᠢᠶᠠᠯ ᠪᠣᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠤᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ