ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/21

      4 ᠰᠠᠷ᠎ᠡ ᠶᠢᠨ 15᠎ ᠤ ᠦᠳᠠ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠠᠶᠢᠡᠭᠭᠤ ᠶᠢᠨ ᠬᠤᠷᠠᠯ ᠬᠤᠷᠠᠯᠳᠤᠭᠤᠯᠵᠤ᠂ ᠲᠦᠷᠦᠬᠦᠤ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠵᠤ᠂ ︽︿ᠠᠷᠪᠡᠨ ᠲᠦᠷᠪᠠᠳᠤᠭᠡᠷ ᠲᠠᠪᠤᠨ ᠵᠢᠯ﹀᠎ ᠤᠨ ᠬᠤᠭᠤᠴᠠᠭᠠᠨ ᠳᠠᠬᠢ ᠬᠦᠯᠤᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠵᠠᠰᠠᠯᠳᠠ ᠶᠢᠨ ᠭᠡᠷᠡᠭᠵᠢᠬᠦᠯᠬᠦ ᠲᠦᠰᠦᠯ︾ ᠵᠡᠷᠭᠡ ᠵᠦᠢᠯ ᠢ ᠰᠤᠳᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠪᠠᠶᠢᠡᠭᠭᠤ ᠶᠢᠨ ᠲᠡᠳ᠋ ᠲᠡᠷᠢᠬᠦᠯᠡᠭᠴᠢ ᠵᠠᠩ ᠱᠤᠤ ᠴᠦᠨ ᠬᠤᠷᠠᠯ ᠢ ᠡᠷᠬᠢᠯᠡᠵᠠᠢ᠃
      ᠬᠤᠷᠠᠯ ᠠᠴᠠ ᠦᠪᠡᠷᠳᠡᠭᠡᠨ ᠵᠠᠰᠬᠠᠤ ᠤᠷᠤᠨ ᠤ ᠬᠦᠭᠵᠢᠬᠦᠯᠦᠯᠳᠠ ᠪᠠ ᠦᠭᠡᠷᠡᠴᠢᠯᠡᠯᠳᠠ ᠶᠢᠨ ᠵᠦᠪᠯᠡᠯ ᠤᠨ ᠲᠦᠷᠦᠬᠦᠤ ᠤᠯᠠᠷᠢᠯ ᠤᠨ ᠪᠦᠬᠦ ᠤᠷᠤᠨ ᠤ ᠠᠵᠤ ᠠᠬᠤᠢ ᠶᠢᠨ ᠡᠷᠭᠢᠯᠳᠡ ᠶᠢᠨ ᠪᠠᠶᠢᠳᠠᠯ ᠪᠠ ᠲᠠᠷᠠᠭ᠎ᠠ ᠠᠯᠬᠤᠮ ᠤᠨ ᠠᠵᠢᠯ ᠤᠨ ᠲᠤᠬᠢᠷᠠᠭᠤᠯᠤᠯᠳᠠ ᠶᠢᠨ ᠰᠠᠨᠠᠭᠤᠯᠭ᠎ᠠ ᠶᠢᠨ ᠲᠤᠬᠠᠢ ᠬᠠᠷᠢᠭᠤ ᠮᠡᠳᠡᠬᠦᠯᠦᠯᠳᠠ ᠶᠢ ᠰᠤᠨᠤᠰᠴᠤ᠂ ᠤᠳᠤᠬᠠᠨ ᠤ ᠠᠵᠤ ᠠᠬᠤᠢ ᠶᠢᠨ ᠡᠷᠭᠢᠯᠳᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠠᠳᠠᠯᠵᠤ᠂ ᠲᠠᠷᠠᠭ᠎ᠠ ᠠᠯᠬᠤᠮ ᠤᠨ ᠠᠵᠢᠯ ᠢ ᠰᠠᠶᠢᠳᠤᠷ ᠬᠢᠬᠦ ᠳᠤᠬᠠᠢ ᠪᠠᠶᠢᠷᠢᠯᠠᠭᠤᠯᠤᠯᠳᠠ ᠬᠢᠪᠠ᠃
      ᠬᠤᠷᠠᠯ ᠠᠴᠠ᠂ ᠡᠯ᠎ᠡ ᠱᠠᠳᠤᠨ ᠤ ᠵᠠᠰᠠᠭ ᠤᠨ ᠤᠷᠳᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠢᠯᠠᠩᠭᠤᠶ᠎ᠡ ᠠᠵᠤ ᠠᠬᠤᠢ ᠶᠢᠨ ᠶᠡᠷᠦᠩᠬᠡᠢ ᠰᠠᠯᠠᠭ᠎ᠠ ᠮᠦᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠠᠵᠤ ᠠᠬᠤᠢ ᠶᠢᠨ ᠡᠷᠬᠢᠯᠳᠠ ᠶᠢᠨ ᠪᠠᠶᠢᠳᠠᠯ ᠢ ᠨᠢᠬᠳᠠ ᠬᠢᠨᠡᠨ ᠬᠡᠮᠵᠢᠵᠤ᠂ ᠴᠠᠭ ᠲᠤᠬᠠᠢ ᠳᠤᠨᠢ ᠠᠰᠠᠭᠤᠳᠠᠯ ᠢ ᠢᠯᠡᠷᠡᠬᠦᠯᠵᠤ᠂ ᠠᠰᠠᠭᠤᠳᠠᠯ ᠢ ᠰᠢᠢᠳᠪᠤᠷᠢᠯᠡᠬᠦ ᠭᠡᠷᠡᠭᠳᠠᠢ᠃
      ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ᠂ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠠᠵᠢᠯ ᠤᠨ ᠲᠤᠬᠢᠷᠠᠭᠤᠯᠤᠯᠳᠠ ᠪᠠᠷ᠂ ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠪᠦᠷᠢᠨ ᠪᠦᠳᠦᠨ᠂ ᠵᠦᠪ ᠤᠨᠤᠪᠴᠢᠳᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠠ ᠬᠦᠭᠵᠢᠯᠳᠠ ᠶᠢᠨ ᠪᠠᠶᠢᠷᠢᠰᠢᠯ ᠳᠤ ᠦᠢᠯᠡᠴᠢᠯᠡᠨ ᠠᠭᠤᠰᠤᠯᠴᠠᠬᠤ ᠪᠠᠷ ᠭᠤᠤᠯᠯᠠᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ᠪᠤᠯᠤᠨ ︽ᠨᠢᠬᠡ ᠪᠠᠬᠢᠯᠠᠯᠳᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠳᠤ ᠠᠩᠬᠠᠷᠤᠯ ᠢᠶᠠᠨ ᠲᠦᠪᠯᠡᠷᠡᠬᠦᠯᠵᠤ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠴᠢᠨᠠᠬᠰᠢᠳᠠ ᠰᠠᠶᠢᠳᠤᠷ ᠬᠢᠵᠤ᠂

︽ᠵᠢᠷᠭᠤᠭ᠎ᠠ ᠶᠢ ᠪᠠᠳᠤᠯᠠᠬᠤ︾ ᠡᠬᠦᠷᠬᠡ ᠶᠢ ᠰᠠᠶᠢᠳᠤᠷ ᠨᠠᠶᠢᠳᠠᠪᠤᠷᠢᠵᠢᠭᠤᠯᠵᠤ᠂ ᠴᠢᠨᠠᠷ ᠰᠠᠶᠢᠳᠠᠢ ᠬᠦᠭᠵᠢᠯᠳᠠ ᠶᠢ ᠬᠦᠴᠤᠯᠠᠨ ᠠᠬᠢᠭᠤᠯᠵᠤ᠂ ᠪᠦᠬᠦ ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠵᠢᠱᠢᠭᠰᠡᠨ ᠬᠠᠷᠠᠯᠳᠠ ᠶᠢ ᠪᠡᠶᠡᠯᠡᠬᠦᠯᠬᠦ ᠶᠢ ᠪᠠᠳᠤᠯᠠᠵᠤ᠂ ︽ᠠᠷᠪᠠᠨ ᠲᠦᠷᠪᠡᠳᠤᠭᠡᠷ ᠲᠠᠪᠤᠨ ᠵᠢᠯ︾᠎ ᠤᠨ ᠰᠠᠶᠢᠨ ᠡᠬᠢᠯᠠᠯᠳᠠ ᠲᠠᠢ ᠪᠤᠯᠬᠤ ᠶᠢ ᠪᠡᠶᠡᠯᠡᠬᠦᠯᠵᠤ᠂ ᠰᠢᠯᠢᠳᠡᠭ ᠠᠮᠵᠢᠯᠳᠠ ᠪᠠᠷ ᠢᠶᠠᠨ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠪᠡᠯᠭᠡᠯᠡᠬᠦ ᠭᠡᠷᠡᠭᠳᠠᠢ ᠭᠡᠵᠤ ᠴᠢᠬᠤᠯᠠᠴᠢᠯᠠᠪᠠ᠃
      ᠬᠤᠷᠠᠯ ᠠᠴᠠ ︽︿ᠠᠷᠪᠠᠨ ᠲᠦᠷᠪᠡᠳᠤᠭᠡᠷ ᠲᠠᠪᠤᠨ ᠵᠢᠯ﹀᠎ ᠤᠨ ᠬᠤᠭᠤᠴᠠᠭᠠᠨ ᠳᠠᠬᠢ ᠬᠦᠯᠤᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠵᠠᠰᠠᠯᠳᠠ ᠶᠢᠨ ᠭᠡᠷᠡᠭᠵᠢᠬᠦᠯᠬᠦ ᠲᠦᠰᠤᠯ︾᠎ ᠢ ᠬᠢᠨᠠᠨ ᠵᠦᠪᠯᠡᠵᠦ ᠪᠠᠳᠤᠯᠠᠪᠠ᠃ ᠬᠤᠷᠠᠯ ᠠᠴᠠ᠂ ᠬᠦᠯᠤᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠵᠠᠰᠠᠯᠳᠠ ᠶᠢ ᠠᠬᠢᠭᠤᠯᠬᠤ ᠪᠤᠯ ᠴᠢᠬᠤᠯᠡ ᠶᠡᠭᠡ ᠤᠯᠤᠰ ᠲᠦᠷᠤ ᠶᠢᠨ ᠡᠬᠦᠷᠬᠡ ᠮᠦᠨ᠂ ᠬᠦᠯᠤᠨ ᠪᠤᠶᠢᠷ ᠬᠤᠳᠠ ᠪᠤᠯᠤᠨ ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠤᠯᠤᠰ ᠲᠦᠷᠤ ᠶᠢᠨ ᠵᠤᠬᠰᠤᠴᠠ ᠪᠠᠨ ᠴᠢᠨᠠᠬᠰᠢᠳᠠ ᠲᠡᠭᠡᠭᠰᠢᠯᠡᠬᠦᠯᠵᠤ᠂ ᠤᠯᠤᠰ ᠲᠦᠷᠤ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠤᠯᠤᠨ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠲᠠᠨᠢᠯᠳᠠ᠂ ᠬᠠᠷᠢᠭᠤᠴᠠᠯᠭ᠎ᠠ᠂ ᠠᠷᠭ᠎ᠠ ᠬᠡᠮᠵᠢᠶ᠎ᠠ ᠶᠢ ᠪᠤᠳᠠᠳᠠᠢ ᠨᠠᠶᠢᠳᠠᠪᠤᠷᠢᠵᠢᠭᠤᠯᠵᠦ᠂ ᠵᠠᠰᠠᠯᠳᠠ ᠶᠢᠨ ᠪᠤᠳᠠᠳᠠᠢ ᠠᠮᠵᠢᠯᠳᠠ ᠪᠦᠳᠤᠮᠵᠢ ᠪᠠᠷ ᠬᠠᠷᠢᠭᠤᠴᠠᠯᠭ᠎ᠠ ᠡᠬᠦᠷᠬᠡᠯᠡᠯ ᠢ ᠢᠯᠡᠷᠡᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ