ᠯᠢᠨ ᠱᠤᠤ ᠴᠦᠨ ᠪᠠᠶᠠᠨᠨᠠᠭᠤᠷ ᠪᠤᠭᠤᠲᠤ ᠤᠷᠳᠤᠰ ᠲᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠳᠤ ᠦᠷ᠎ᠡ ᠪᠦᠲᠦᠭᠡᠯ ᠢ ᠨᠢ ᠦᠵᠡᠵᠦ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/4/22

      4 ᠳ᠋ᠦ᠋ᠭᠡᠷ ᠰᠠᠷ᠎ᠠ ᠶᠢᠨ 19᠎ ᠤ ᠡᠳᠦᠷ ᠠᠴᠠ 21᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠣᠤ ᠴᠦᠨ ᠪᠠᠶᠠᠨᠨᠠᠭᠤᠷ ᠬᠤᠲᠠ᠂ ᠪᠤᠭᠤᠲᠤ ᠬᠤᠲᠠ᠂ ᠣᠷᠳᠣᠰ ᠬᠤᠲᠠ ᠳᠤ ᠬᠦᠷᠴᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠥᠵᠢᠯ ᠴᠡᠭᠴᠡᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠡᠷᠡ ᠴᠢᠬᠤᠯᠠᠴᠢᠯᠠᠭᠰᠠᠨ ᠨᠢ᠂ ᠢᠮᠠᠭᠲᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠣᠶᠤᠨ ᠢᠶᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ ᠢ ᠤᠬᠠᠮᠰᠠᠷ ᠠᠴᠠ ᠪᠠᠨ ᠲᠤᠭᠤᠰᠢᠯᠠᠭᠤᠯᠵᠤ᠂ ᠦᠨᠡᠨ ᠪᠣᠳᠠᠲᠠᠢ ᠡᠷᠡᠰ ᠴᠢᠩᠭ᠎ᠠ ᠪᠠᠷ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠵᠤ᠂ ᠠᠷᠬᠠᠭ ᠬᠡᠮ ᠢ ᠲᠥᠪᠯᠡᠷᠡᠭᠦᠯᠦᠨ ᠴᠡᠭᠴᠡᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠪᠦᠬᠦ ᠲᠠᠯ᠎ᠠ ᠪᠠᠷ ᠴᠠᠭᠳᠠᠭ᠎ᠠ ᠶᠢᠨ ᠡᠩᠨᠡᠭᠡ ᠶᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃
     ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠪᠣᠯ ᠬᠥᠮᠥᠵᠢᠯ ᠴᠡᠭᠴᠡᠯᠡᠯᠲᠡ ᠶᠢᠨ ᠭᠤᠣᠯ ᠵᠠᠩᠭᠢᠯᠠᠭ᠎ᠠ ᠪᠠ ᠭᠤᠣᠯᠳᠠᠯᠭ᠎ᠠ ᠶᠢᠨ ᠳᠤᠮᠳᠠᠬᠢ ᠭᠤᠣᠯᠳᠠᠯᠭ᠎ᠠ ᠮᠥᠨ ᠪᠥᠭᠡᠳ ᠪᠦᠬᠦ᠋ᠢᠯᠡ ᠬᠥᠮᠥᠵᠢᠯ ᠴᠡᠭᠴᠡᠯᠡᠯᠲᠡ ᠶᠢᠨ ᠢᠯᠠᠵᠤ ᠢᠯᠠᠭᠳᠠᠬᠤ ᠶᠢ ᠰᠢᠭᠤᠳ ᠲᠣᠭᠲᠠᠭᠠᠨ᠎ᠠ᠃ ᠯᠢᠨ ᠱᠤᠤ ᠴᠦᠨ ᠬᠤᠰᠢᠭᠤ ᠰᠢᠶᠠᠨ ᠲᠣᠭᠤᠷᠢᠭ ᠤᠨ ᠡᠯ᠎ᠡ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠳᠤ ᠭᠦᠨᠵᠡᠭᠡᠶᠢᠷᠡᠵᠦ᠂ ᠬᠦᠷᠦᠭᠰᠡᠨ ᠭᠠᠵᠠᠷ ᠪᠣᠯᠭᠠᠨ ᠳᠤ ᠴᠥᠮ ᠨᠢᠭᠡᠳᠦᠭᠡᠷ ᠹᠷᠣᠨᠲ ᠤᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠯᠠᠨ ᠤ ᠣᠯᠤᠯᠲᠠ ᠲᠦᠷᠦᠭᠳᠡᠯ ᠢᠶᠠᠨ ᠶᠠᠷᠢᠬᠤ ᠶᠢ ᠰᠣᠨᠣᠰᠴᠤ᠂ ᠪᠠᠶᠢᠳᠠᠯ ᠢ ᠨᠠᠷᠢᠨ ᠣᠶᠢᠯᠠᠭᠠᠵᠤ᠂ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠵᠤ᠂ ᠡᠭᠦᠷᠭᠡ ᠶᠢᠨ ᠴᠢᠭᠯᠡᠯ ᠢ ᠲᠣᠳᠣᠷᠬᠠᠶᠢᠯᠠᠪᠠ᠃ ᠲᠡᠷᠡ ᠭᠦᠨᠵᠡᠭᠡᠶ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠥᠮᠥᠵᠢᠯ ᠴᠡᠭᠴᠡᠯᠡᠯᠲᠡ ᠶᠢ ᠴᠢᠬᠤᠯᠠᠴᠢᠯᠠᠨ ᠦᠵᠡᠬᠦ ᠪᠠᠷ ᠬᠦᠷᠦᠯᠴᠡᠬᠦ ᠦᠭᠡᠶ᠂ ᠬᠠᠷᠢᠭᠤᠴᠠᠯᠭ᠎ᠠ ᠶᠢᠨ ᠳᠠᠷᠤᠯᠲᠠ ᠶᠢ ᠪᠣᠳᠠᠲᠠᠶ ᠳᠤ ᠨᠢ ᠬᠦᠷᠦᠭᠦᠯᠵᠦ ᠴᠢᠳᠠᠭᠰᠠᠨ ᠦᠭᠡᠶ᠂ ᠠᠵᠢᠯ ᠢ ᠥᠩᠭᠡᠨ ᠲᠡᠳᠦᠢ ᠯᠡ ᠬᠢᠵᠦ᠂ ᠦᠷ᠎ᠡ ᠪᠦᠲᠦᠮᠵᠢ ᠨᠢ ᠪᠠᠰᠠ ᠢᠯᠡᠷᠬᠡᠶ ᠪᠢᠰᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠂ ᠬᠡᠯᠪᠡᠷᠢᠴᠢ ᠦᠵᠡᠯ᠂ ᠰᠣᠬᠤᠷ ᠪᠠᠯᠠᠶ ᠪᠠᠷ ᠪᠠᠶᠠᠷᠯᠠᠬᠤ᠂ ᠬᠢᠷᠢ ᠪᠦᠲᠦᠮᠵᠢ ᠶᠢ ᠬᠡᠳᠦ ᠥᠨᠳᠥᠷ ᠦᠨᠡᠯᠡᠬᠦ ᠶᠢ ᠰᠡᠷᠭᠡᠶᠢᠯᠡᠬᠦ ᠬᠡᠷᠡᠭᠲᠡᠶ᠃ ᠰᠤᠷᠤᠯᠴᠠᠯᠭ᠎ᠠ ᠬᠥᠮᠦᠵᠢᠯ ᠢ ᠬᠠᠨᠳᠤᠯᠭᠠᠲᠤ ᠴᠢᠨᠠᠷᠲᠠᠶ ᠪᠠᠷ ︽ᠪᠤᠴᠠᠨ ᠪᠠᠶᠢᠴᠠᠭᠠᠨ ᠦᠵᠡᠬᠦ︾ ᠠᠵᠢᠯ ᠢ ᠬᠢᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠦᠵᠡᠯ ᠰᠠᠨᠠᠭᠠᠨ ᠤ ᠦᠷ᠎ᠡ ᠪᠦᠲᠦᠭᠡᠯ ᠪᠠ ᠠᠵᠢᠯ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠬᠥᠮᠦᠵᠢᠭᠦᠯᠦᠨ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠯᠭᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠶ᠃ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠳᠤ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠮᠵᠢ ᠤᠯᠬᠤ ᠬᠡᠷᠡᠭᠲᠡᠶ᠂ ᠬᠠᠮᠤᠭ ᠡᠴᠦᠰ ᠲᠤ ᠦᠷ᠎ᠡ ᠪᠦᠲᠦᠭᠡᠯ ᠢ ᠨᠢ ᠦᠨᠡᠯᠡᠬᠦ ᠬᠡᠷᠡᠭᠲᠡᠶ᠂ ᠠᠰᠠᠭᠤᠳᠠᠯ ᠦᠭᠡᠶ ᠪᠣᠯ ᠳᠠᠷᠤᠶ ᠬᠠᠮᠤᠭ ᠤᠨ ᠶᠡᠭᠡ ᠠᠰᠠᠭᠤᠳᠠᠯ ᠮᠥᠨ᠃ ︽ᠥᠪᠡᠷ ᠢᠶᠠᠨ ᠪᠠᠶᠢᠴᠠᠭᠠᠯᠭᠠᠪᠠᠯ ᠠᠭᠤᠴᠢᠯᠠᠵᠤ᠂ ᠪᠠᠶᠢᠴᠠᠭᠠᠭᠳᠠᠪᠠᠯ ᠴᠢᠩᠭ᠎ᠠ ᠰᠢᠢᠳᠬᠡᠬᠦ︾ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠢᠯᠡᠷᠡᠭᠦᠯᠵᠦ᠂ ᠥᠪᠡᠷ ᠢᠶᠠᠨ ᠪᠠᠶᠢᠴᠠᠭᠠᠯᠭᠠᠵᠤ ᠥᠪᠡᠷ ᠢᠶᠠᠨ ᠮᠡᠳᠡᠭᠦᠯᠵᠦ ᠲᠦᠷᠦ ᠶᠢᠨ ᠪᠤᠳᠤᠯᠭ᠎ᠠ ᠶᠢ ᠪᠣᠳᠠᠲᠠᠶᠢᠵᠢᠭᠤᠯᠵᠤ᠂ ᠪᠠᠶᠢᠴᠠᠭᠠᠭᠳᠠᠭᠰᠠᠳ ᠢ ᠴᠢᠩᠭ᠎ᠠ ᠰᠢᠢᠳᠬᠡᠬᠦ ᠶᠢ ᠬᠠᠷᠭᠤᠭᠤᠯᠤᠨ ᠪᠠᠶᠢᠴᠠᠭᠠᠵᠤ᠂ ᠤᠳᠤᠷᠢᠳᠬᠤ ᠺᠠᠳ᠋ᠷ ᠠᠰᠠᠭᠤᠳᠠᠯ ᠢ ᠲᠦᠷᠦᠭᠦᠯᠡᠨ ᠪᠠᠶᠢᠴᠠᠭᠠᠨ ᠦᠵᠡᠵᠦ᠂ ᠠᠰᠠᠭᠤᠳᠠᠯ ᠳᠤ ᠴᠢᠭᠯᠡᠭᠦᠯᠦᠨ ᠰᠡᠳᠬᠢᠯ ᠢᠶᠠᠨ ᠣᠶᠢᠯᠠᠭᠠᠯᠴᠠᠵᠤ᠂ ᠥᠷᠭᠡᠨ ᠤᠯᠠᠨ ᠺᠠᠳ᠋ᠷ ᠴᠠᠭᠳᠠᠭ᠎ᠠ ᠳᠤ ᠲᠦᠷᠦ ᠶᠢᠨ ᠪᠤᠳᠤᠯᠭ᠎ᠠ ᠲᠣᠭᠲᠠᠭᠠᠭᠰᠠᠨ ᠤᠭ ᠰᠠᠨᠠᠭ᠎ᠠ ᠶᠢ ᠭᠦᠢᠴᠡᠳ ᠣᠶᠢᠯᠠᠭᠠᠭᠤᠯᠵᠤ᠂ ᠰᠠᠨᠠᠭᠠᠴᠢᠯᠠᠭ᠎ᠠ ᠠᠴᠠ ᠨᠢ ᠠᠰᠠᠭᠤᠳᠠᠯ ᠢ ᠲᠣᠳᠣᠷᠬᠠᠢ ᠶᠠᠷᠢᠭᠤᠯᠵᠤ᠂ ᠰᠡᠳᠬᠢᠯ ᠤᠨ ᠵᠠᠩᠭᠢᠷᠠᠭ᠎ᠠ ᠶᠢ ᠨᠢ ᠲᠠᠶᠢᠯᠵᠤ᠂ ᠵᠣᠷᠢᠭ ᠢ ᠨᠢ ᠬᠥᠪᠴᠢᠯᠡᠵᠦ ᠠᠶᠠᠨ ᠳᠤ ᠨᠢ ᠳᠠᠬᠢᠨ ᠮᠣᠷᠳᠠᠭᠤᠯᠬᠤ ᠬᠡᠷᠡᠭᠲᠡᠢ᠃ ᠠᠷᠠᠳ ᠲᠦᠮᠡᠨ ᠤ ᠵᠣᠭᠰᠣᠯᠲᠠ ᠶᠢ ᠪᠠᠲᠤᠯᠠᠵᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾᠎ ᠲᠠᠢ ᠤᠶᠠᠯᠳᠤᠭᠤᠯᠤᠨ᠂ ᠤᠯᠠᠨ ᠲᠦᠮᠡᠨ ᠤ ᠲᠤᠰᠬᠠᠯ ᠶᠡᠬᠡᠲᠡᠶ ᠬᠡᠷᠡᠭ ᠢ ᠦᠯᠦ ᠬᠡᠷᠡᠭ ᠪᠣᠯᠭᠠᠨ ᠳᠠᠩᠰᠠᠯᠠᠬᠤ᠂ ᠬᠡᠷᠡᠭ ᠢ ᠳᠠᠷᠤᠭᠠᠳ ᠦᠯᠦ ᠪᠠᠶᠢᠴᠠᠭᠠᠬᠤ ᠪᠠ ᠤᠳᠠᠭᠠᠰᠢᠷᠠᠭᠤᠯᠤᠭᠠᠳ ᠦᠯᠦ ᠰᠢᠢᠳᠪᠦᠷᠢᠯᠡᠬᠦ᠂ ︽  ᠬᠡᠷᠡᠭᠵᠢᠭᠦᠯᠬᠦ ᠳᠤ ᠪᠡᠷᠬᠡ︾ ᠵᠡᠷᠭᠡ ᠠᠷᠬᠠᠭ ᠭᠡᠮ ᠢ ᠬᠦᠴᠦᠯᠡᠨ ᠰᠢᠢᠳᠪᠦᠷᠢᠯᠡᠵᠦ᠂ ᠡᠭᠦᠳᠡ ᠪᠠᠨ ᠨᠡᠭᠡᠭᠡᠵᠦ ᠴᠡᠭᠴᠡᠯᠡᠬᠦ ᠶᠢ ᠪᠠᠷᠢᠮᠲᠠᠯᠠᠵᠤ᠂ ᠠᠷᠠᠳ ᠲᠦᠮᠡᠨ ᠳᠤ ᠬᠤᠪᠢᠷᠠᠯᠲᠠ ᠶᠢ ᠬᠠᠷᠠᠭᠤᠯᠵᠤ᠂ ᠦᠨᠡᠨ ᠪᠣᠳᠠᠲᠠᠶ ᠬᠦᠷᠲᠡᠮᠵᠢ ᠶᠢᠨ ᠲᠦᠷᠦᠭᠳᠡᠯ ᠣᠯᠭᠤᠬᠤ ᠬᠡᠷᠡᠭᠲᠡᠶ᠃
      ᠤᠷᠳᠤᠰ ᠤᠨ ᠭᠢᠨᠳᠠᠨ ᠳᠤ᠂ ᠲᠡᠷᠡ ᠵᠢᠭᠠᠬᠤ ᠳᠤ ᠪᠠᠨ᠂ ᠭᠢᠨᠳᠠᠨ ᠤ ᠰᠢᠰᠲ᠋ᠧᠮ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠷᠭ᠎ᠠ ᠬᠡᠯᠪᠡᠷᠢ ᠪᠠᠨ ᠰᠢᠨᠡᠴᠢᠯᠡᠵᠦ᠂ ᠳᠡᠷᠭᠡᠳᠡᠬᠢ ᠬᠥᠮᠦᠰ ᠳᠡᠷᠭᠡᠳᠡᠬᠢ ᠬᠡᠷᠡᠭ ᠢᠶᠠᠷ ᠴᠡᠭᠴᠡᠯᠡᠯᠲᠡ ᠶᠢ ᠠᠬᠢᠭᠤᠯᠵᠤ᠂ ᠬᠥᠮᠥᠵᠢᠭᠦᠯᠵᠦ ᠴᠡᠭᠴᠡᠯᠡᠬᠦ ᠪᠠᠷ ᠳᠠᠮᠵᠢᠨ ᠰᠠᠬᠢᠯᠭ᠎ᠠ ᠪᠠᠲᠤ ᠣᠪᠣᠷ ᠰᠤᠷᠲᠠᠯ ᠢ ᠲᠠᠬᠢᠨ ᠴᠡᠭᠴᠡᠯᠡᠵᠦ᠂ ᠪᠦᠯᠬᠦᠮᠳᠡᠯ ᠢ ᠬᠠᠮᠠᠭᠠᠯᠠᠵᠤ᠂ ᠢᠲᠡᠭᠡᠯ ᠬᠦᠨᠳᠦ ᠪᠠᠨ ᠨᠡᠮᠡᠭᠳᠡᠭᠦᠯᠬᠦ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ