ᠠᠪᠠᠭ᠎ᠠ ᠬᠤᠰᠢᠭᠤ ᠮᠣᠩᠭᠤᠯ ᠤᠯᠤᠰ ᠤᠨ ᠬᠢᠯᠢ ᠠᠴᠠ ᠣᠷᠤᠵᠤ ᠢᠷᠡᠭᠰᠡᠨ ᠲᠠᠯ᠎ᠠ ᠶᠢᠨ ᠲᠦᠢᠮᠡᠷ ᠢ ᠠᠮᠵᠢᠯᠲᠠ ᠲᠠᠢ ᠪᠠᠷ ᠬᠠᠰᠢᠪᠠ
ᠨᠡᠶᠢᠲᠡᠯᠡᠭᠰᠡᠨ ᠴᠠᠭ᠄
2021/4/22

     4 ᠳ᠋ᠦ᠋ᠭᠡᠷ ᠰᠠᠷ᠎ᠠ ᠶᠢᠨ 18᠎ ᠤ ᠡᠳᠦᠷ ᠤᠨ 16 ᠴᠠᠭ ᠤᠨ ᠦᠶᠡᠰ ᠲᠤ᠂ ᠮᠣᠩᠭᠤᠯ ᠤᠯᠤᠰ ᠤᠨ ᠲᠠᠯ᠎ᠠ ᠶᠢᠨ ᠲᠦᠢᠮᠡᠷ ᠠᠪᠠᠭ᠎ᠠ ᠬᠤᠰᠢᠭᠤᠨ ᠤ ᠪᠠᠶᠠᠨ ᠲᠤᠭ ᠰᠤᠮᠤ᠂ ᠵᠢᠷᠭᠠᠯᠠᠩᠲᠤ ᠰᠤᠮᠤ ᠶᠢᠨ ᠬᠢᠯᠢ ᠶᠢᠨ ᠱᠤᠭᠤᠮ ᠵᠦᠭ ᠥᠷᠪᠢᠰᠦᠭᠰᠡᠨ ᠪᠠᠶᠢᠨ᠎ᠠ᠃ ᠲᠦᠢᠮᠡᠷ ᠤᠨ ᠪᠠᠶᠢᠳᠠᠯ ᠪᠠᠴᠢᠮ ᠪᠣᠯᠪᠠ᠂ ᠲᠦᠢᠮᠡᠷ ᠪᠣᠯ ᠳᠠᠷᠤᠢ ᠵᠠᠷᠯᠢᠭ ᠮᠥᠨ᠃ ᠪᠠᠶᠠᠨ ᠲᠤᠭ ᠰᠤᠮᠤ᠂ ᠵᠢᠷᠭᠠᠯᠠᠩᠲᠤ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠲᠦᠢᠮᠡᠷ ᠤᠨ ᠮᠡᠳᠡᠭᠦᠯᠦᠯᠲᠡ ᠶᠢ ᠣᠯᠤᠮᠠᠭᠴᠠ᠂ ᠲᠠᠯ᠎ᠠ ᠨᠤᠲᠤᠭ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠳᠠᠷᠤᠶᠢᠬᠠᠨ ᠡᠬᠢᠯᠡᠭᠦᠯᠦᠭᠰᠡᠨ ᠪᠥᠭᠡᠳ ᠲᠡᠷᠡ ᠳᠠᠷᠤᠢ ᠳᠤ ᠨᠢ ᠪᠠᠶᠢᠷᠢᠯᠠᠭᠤᠯᠵᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ᠂ ᠰᠤᠮᠤ ᠶᠢᠨ ᠬᠢᠯᠢ ᠶᠢᠨ ᠲᠣᠮᠢᠯᠠᠭᠰᠠᠨ ᠰᠠᠯᠪᠤᠷᠢ᠂ ᠴᠡᠷᠢᠭ ᠠᠩᠬᠢ᠂ ᠭᠠᠯ ᠤᠨᠲᠠᠷᠠᠭᠠᠬᠤ ᠠᠩᠬᠢ᠂ ᠠᠭᠤᠷᠬᠠᠢ ᠶᠢᠨ ᠠᠵᠤ ᠠᠬᠤᠶᠢᠯᠠᠯ᠂ ᠮᠠᠯᠴᠢᠨ ᠲᠦᠮᠡᠨ ᠲᠠᠢ ᠬᠤᠯᠪᠤᠭᠠᠯᠠᠨ ᠬᠢᠯᠢ ᠶᠢᠨ ᠱᠤᠭᠤᠮ ᠳᠤ ᠬᠦᠷᠴᠦ᠂ ᠮᠣᠩᠭᠤᠯ ᠤᠯᠤᠰ ᠤᠨ ᠲᠦᠢᠮᠡᠷ ᠬᠢᠯᠢ ᠳᠤ ᠣᠷᠣᠬᠤ ᠶᠢ ᠬᠤᠷᠢᠭᠯᠠᠬᠤ ᠪᠡᠯᠡᠳᠬᠡᠯ ᠠᠵᠢᠯ ᠢ ᠰᠠᠶᠢᠲᠤᠷ ᠬᠢᠵᠡᠢ᠃
     ᠪᠠᠶᠠᠨ ᠲᠤᠭ ᠰᠤᠮᠤ 21 ᠮᠠᠰᠢᠨ ᠲᠡᠷᠭᠡ ᠬᠦᠳᠡᠯᠭᠡᠨ᠂ 110 ᠬᠥᠮᠦᠨ ᠤ ᠬᠦᠴᠦ ᠵᠢᠴᠢ 70 ᠢᠵᠢ ᠭᠠᠯ ᠤᠨᠲᠠᠷᠠᠭᠠᠬᠤ ᠪᠠᠭᠠᠵᠢ ᠭᠠᠷᠭᠠᠨ᠂ ᠬᠢᠯᠢ ᠶᠢᠨ ᠬᠠᠪᠢᠴᠠᠭ᠎ᠠ ᠪᠠᠷ ᠴᠠᠭ ᠢᠮᠠᠭᠲᠠ ᠰᠠᠬᠢᠨ ᠬᠠᠮᠠᠭᠠᠯᠠᠵᠤ᠂ ᠲᠦᠢᠮᠡᠷ ᠦᠷᠪᠢᠰᠦᠨ ᠬᠢᠯᠢ ᠳᠠᠪᠠᠪᠠᠯ ᠲᠡᠷᠡ ᠳᠠᠷᠤᠶᠢᠬᠠᠨ ᠤᠨᠲᠠᠷᠠᠭᠠᠬᠤ ᠪᠡᠯᠡᠳᠬᠡᠯ ᠢ ᠰᠠᠶᠢᠲᠤᠷ ᠬᠢᠭᠰᠡᠨ ᠪᠠᠶᠢᠨ᠎ᠠ᠃ ᠰᠠᠯᠬᠢᠨ ᠤ ᠴᠢᠭᠯᠡᠯ ᠬᠤᠪᠢᠷᠠᠭᠰᠠᠨ ᠠᠴᠠ ᠲᠦᠢᠮᠡᠷ ᠤᠨ ᠪᠠᠶᠢᠳᠠᠯ ᠳᠣᠣᠷ᠎ᠠ ᠪᠠᠨ ᠬᠤᠪᠢᠷᠠᠵᠤ᠂ 18᠎ ᠤ ᠡᠳᠦᠷ ᠤᠨ 21 ᠴᠠᠭ ᠪᠣᠯᠬᠤ ᠳᠤ᠂ ᠲᠦᠢᠮᠡᠷ ᠪᠠᠶᠠᠨ ᠲᠤᠭ ᠰᠤᠮᠤᠨ ᠤ ᠬᠢᠯᠢ ᠶᠢᠨ ᠱᠤᠭᠤᠮ ᠳᠤ ᠬᠦᠷᠪᠡ᠃ ᠴᠠᠭ ᠮᠥᠴᠡ ᠪᠣᠯ ᠳᠠᠷᠤᠢ ᠠᠮᠢ ᠨᠠᠰᠤ᠂ ᠲᠦᠢᠮᠡᠷ ᠪᠣᠯ ᠵᠠᠷᠯᠢᠭ ᠮᠥᠨ᠃ ᠪᠠᠶᠠᠨ ᠲᠤᠭ ᠰᠤᠮᠤ᠂ ᠵᠢᠷᠭᠠᠯᠠᠩᠲᠤ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠨᠠᠷ ᠲᠦᠷᠦᠭᠦᠯᠡᠨ ᠲᠦᠢᠮᠡᠷ ᠭᠠᠷᠤᠭᠰᠠᠨ ᠲᠤᠬᠠᠢ ᠶᠢᠨ ᠲᠠᠯᠠᠪᠠᠢ ᠳᠤ ᠬᠦᠷᠴᠦ᠂ ᠲᠦᠢᠮᠡᠷ ᠲᠠᠢ ᠲᠡᠮᠡᠴᠡᠭᠰᠡᠨ ᠪᠠᠶᠢᠨ᠎ᠠ᠃
     14 ᠴᠠᠭ ᠤᠨ ᠬᠤᠷᠢᠭᠯᠠᠯᠲᠠ ᠪᠠ ᠭᠠᠯ ᠤᠨᠲᠠᠷᠠᠭᠠᠬᠤ ᠠᠵᠢᠯ ᠢᠶᠠᠷ ᠳᠠᠮᠵᠢᠭᠠᠳ᠂ 19᠎ ᠤ ᠡᠳᠦᠷ ᠤᠨ 07 ᠴᠠᠭ ᠲᠤ᠂ ᠣᠶ ᠰᠢᠭᠤᠶ ᠨᠤᠲᠤᠭ ᠪᠡᠯᠴᠢᠭᠡᠷ᠂ ᠪᠠᠴᠢᠮ ᠪᠠᠶᠢᠳᠠᠯ ᠢ ᠠᠷᠭᠠᠴᠠᠭᠠᠬᠤ᠂ ᠭᠠᠯ ᠰᠡᠷᠭᠡᠶᠢᠯᠡᠬᠦ ᠦᠶᠯᠡᠴᠢᠯᠡᠭᠡᠨ ᠤ ᠲᠥᠪ᠂ ᠠᠷᠠᠳ ᠤᠨ ᠶᠠᠪᠤᠳᠠᠯ᠂ ᠤᠰᠤᠨ ᠠᠰᠢᠭᠯᠠᠯᠲᠠ᠂ ᠪᠠᠶᠠᠨ ᠲᠤᠭ ᠰᠤᠮᠤ᠂ ᠵᠢᠷᠭᠠᠯᠠᠩᠲᠤ ᠰᠤᠮᠤ ᠪᠠ ᠭᠠᠴᠠᠭ᠎ᠠ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠵᠡᠷᠭᠡ ᠰᠠᠯᠠᠭ᠎ᠠ ᠮᠥᠴᠢᠷ ᠤᠳ ᠤᠨ ᠨᠡᠶᠢᠲᠡ 40 ᠭᠠᠷᠤᠶ ᠬᠦᠮᠦᠰ ᠨᠢᠭᠡ ᠡᠳᠦᠷ ᠤᠨ ᠴᠢᠷᠮᠠᠶᠢᠯᠭ᠎ᠠ ᠪᠠᠷ ᠬᠢᠯᠢ ᠶᠢᠨ ᠭᠠᠳᠠᠨᠠᠬᠢ ᠲᠦᠢᠮᠡᠷ ᠢ ᠲᠤᠶᠢᠯᠪᠤᠷᠢᠲᠠᠶ ᠬᠤᠷᠢᠭᠯᠠᠵᠤ᠂ ᠬᠢᠯᠢ ᠶᠢᠨ ᠮᠠᠯᠴᠢᠳ ᠤᠨ ᠠᠮᠢ ᠨᠠᠰᠤ ᠡᠳ᠋ ᠬᠥᠷᠥᠩᠭᠡ ᠪᠠ ᠠᠮᠢ ᠠᠬᠤᠶ ᠨᠤᠲᠤᠭ ᠪᠡᠯᠴᠢᠭᠡᠷ ᠤᠨ ᠠᠮᠤᠷ ᠲᠦᠪᠰᠢᠨ ᠢ ᠦᠨᠡᠨ ᠬᠦ ᠪᠠᠲᠤᠯᠠᠯ᠎ᠠ᠃
     ᠲᠣᠰ ᠤᠳᠠᠭᠠᠨ ᠤ ᠲᠦᠶᠮᠡᠷ ᠤᠨᠲᠠᠷᠠᠭᠠᠬᠤ ᠠᠵᠢᠯᠯᠠᠭᠠᠨ ᠳᠤ᠂ ᠲᠦᠶᠮᠡᠷ ᠤᠨᠲᠠᠷᠠᠭᠠᠬᠤ ᠳᠤ ᠣᠷᠣᠯᠴᠠᠭᠰᠠᠨ ᠪᠥᠬᠦ ᠬᠦᠮᠦᠰ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠪᠠ ᠵᠢᠯᠣᠭᠤᠳᠣᠯᠭ᠎ᠠ ᠳᠣᠤᠷ᠎ᠠ᠂ ᠲᠦᠶᠮᠡᠷ ᠢ ᠰᠡᠷᠭᠡᠶᠢᠯᠡᠬᠦ ᠰᠠᠯᠠᠭ᠎ᠠ ᠮᠥᠴᠢᠷ ᠲᠠᠢ ᠬᠠᠮᠵᠢᠯᠴᠠᠨ ᠡᠮᠦᠨ᠎ᠡ ᠹᠷᠣᠨᠲ ᠲᠤ ᠲᠦᠷᠭᠡᠨ ᠬᠦᠷᠴᠦ᠂ ᠢᠯᠡ ᠲᠦᠶᠮᠡᠷ ᠢ ᠤᠨᠲᠠᠷᠠᠭᠠᠨ᠂ ᠳᠠᠯᠳᠠ ᠲᠦᠶᠮᠡᠷ ᠢ ᠰᠡᠷᠭᠡᠶᠢᠯᠡᠵᠦ᠂ ᠳᠠᠯᠳᠠ ᠬᠡᠮ ᠢ ᠪᠠᠶᠢᠴᠠᠭᠠᠨ᠂ ᠬᠢᠨᠠᠨ ᠡᠵᠡᠮᠳᠡᠬᠦ ᠶᠢ ᠴᠢᠩᠭᠠᠳᠬᠠᠵᠤ᠂ ᠬᠦᠴᠢᠷ ᠵᠣᠪᠠᠭᠤᠷᠢ ᠠᠴᠠ ᠦᠯᠦ ᠠᠶᠤᠬᠤ᠂ ᠶᠠᠳᠠᠷᠠᠯ ᠵᠦᠳᠡᠷᠡᠯ ᠠᠴᠠ ᠦᠯᠦ ᠠᠶᠤᠬᠤ ᠦᠷᠭᠦᠯᠵᠢᠯᠡᠨ ᠪᠠᠶᠢᠯᠳᠤᠬᠤ ᠰᠤᠷᠲᠠᠯ ᠢ ᠭᠦᠶᠴᠡᠳ ᠪᠠᠳᠠᠷᠠᠭᠤᠯᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠡᠳᠦᠷ ᠰᠥᠨᠢ ᠥᠬᠡᠶ ᠪᠠᠲᠤ ᠰᠠᠬᠢᠵᠤ᠂ ᠮᠣᠩᠭᠤᠯ ᠤᠯᠤᠰ ᠤᠨ ᠲᠦᠶᠮᠡᠷ ᠢ ᠠᠮᠵᠢᠯᠲᠠ ᠲᠠᠢ ᠬᠠᠰᠢᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠯᠢ ᠶᠢᠨ ᠰᠠᠬᠢᠨ ᠬᠠᠮᠠᠭᠠᠯᠠᠭᠴᠢ ᠪᠣᠯᠬᠤ ᠡᠷᠡᠰ ᠪᠠᠲᠤ ᠲᠠᠩᠭᠠᠷᠢᠭ ᠢᠶᠠᠨ ᠦᠶᠯᠡᠳᠦᠯᠭᠡᠵᠢᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠮᠠᠯᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠥᠪᠰᠢᠨ ᠵᠢᠴᠢ ᠠᠮᠢ ᠠᠬᠤᠢ ᠶᠢᠨ ᠠᠮᠤᠷ ᠲᠥᠪᠰᠢᠨ ᠳᠤ ᠪᠠᠲᠤ ᠪᠠᠬᠢ ᠪᠠᠲᠤᠯᠠᠭ᠎ᠠ ᠬᠠᠩᠭᠠᠪᠠ᠃

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ