|
︽ᠡᠬᠡ ᠨᠢᠯᠬᠠᠰ ᠤᠨ ᠡᠷᠡᠭᠦᠯ ᠮᠡᠨᠳᠦ ᠶᠢᠨ ᠦᠶᠯᠡᠴᠢᠯᠡᠭᠡᠨ ᠤ ᠲᠣᠭᠲᠠᠯᠴᠠᠭ᠎ᠠ ᠪᠠ ᠦᠶᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠬᠤ ᠲᠤᠬᠠᠶ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ | ᠰᠠᠨᠠᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ |
|
|
ᠨᠡᠶᠢᠲᠡᠯᠡᠭᠰᠡᠨ ᠴᠠᠭ᠄
2021/4/23
|
|
ᠨᠢᠭᠡ᠂ ᠨᠡᠶᠢᠲᠡᠯᠡᠭᠰᠡᠨ ᠠᠬᠤᠶ ᠪᠠᠶᠢᠳᠠᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ᠵᠢᠴᠢ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019-2030︶︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠭᠦᠨᠵᠡᠭᠡᠶ ᠬᠡᠷᠡᠭᠵᠢᠭᠦᠯᠬᠦ ᠶᠢ ᠠᠭᠢᠭᠤᠯᠤᠨ᠂ ᠡᠮᠡᠭᠲᠡᠶᠢᠴᠦᠳ ᠬᠡᠦᠬᠡᠳ ᠤᠨ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠡᠷᠡᠭᠦᠯ ᠮᠡᠨᠳᠦ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠪᠦᠬᠦ ᠣᠷᠣᠨ ᠤ ᠡᠮᠡᠭᠲᠡᠶᠢᠴᠦᠳ ᠬᠡᠦᠬᠡᠳ ᠤᠨ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠬᠦᠯᠬᠦ ᠶᠢᠨ ᠲᠤᠯᠠᠳᠠ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ︽ᠡᠬᠡ ᠨᠢᠯᠬᠠᠰ ᠤᠨ ᠡᠷᠡᠭᠦᠯ ᠮᠡᠨᠳᠦ ᠶᠢᠨ ᠦᠶᠯᠡᠴᠢᠯᠡᠭᠡᠨ ᠤ ᠲᠣᠭᠲᠠᠯᠴᠠᠭ᠎ᠠ ᠪᠠ ᠦᠶᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠣᠭᠲᠠᠭᠠᠵᠤ ᠨᠡᠶᠢᠲᠡᠯᠡᠪᠡ᠃ ᠬᠤᠶᠠᠷ᠂ ︽ᠰᠠᠨᠠᠯ︾ ᠢ ᠲᠣᠭᠲᠠᠭᠠᠭᠰᠠᠨ ᠴᠢᠬᠤᠯᠠ ᠴᠢᠨᠠᠷ ᠶᠡᠷᠦᠩᠬᠡᠶ ᠱᠦᠵᠢ ᠰᠢ ᠶᠢᠨ ᠫᠢᠩ ᠪᠥᠬᠦ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠶᠡᠭᠡ ᠬᠤᠷᠠᠯ ᠳᠡᠭᠡᠷ᠎ᠡ᠄ ︽ᠡᠬᠡ ᠨᠢᠯᠬᠠᠰ ᠤᠨ ᠡᠷᠡᠭᠦᠯ ᠮᠡᠨᠳᠦ ᠶᠢ ᠪᠠᠲᠤᠯᠠᠵᠤ᠂ ᠦᠶᠯᠡᠴᠢᠯᠡᠭᠡᠨ ᠤ ᠡᠬᠢ ᠪᠠᠶᠠᠯᠢᠭ ᠢ ᠵᠦᠶ ᠵᠣᠬᠢᠰᠲᠠᠶ ᠲᠣᠬᠢᠷᠠᠭᠤᠯᠵᠤ᠂ ᠬᠥᠩᠭᠡᠵᠢᠯᠲᠡ ᠶᠢᠨ ᠭᠠᠵᠠᠷ᠂ ᠬᠡᠦᠬᠡᠳ ᠰᠠᠭᠠᠲᠠᠭᠤᠯᠬᠤ ᠵᠡᠷᠭᠡ ᠡᠷᠡᠭᠦᠯ ᠮᠡᠨᠳᠦ ᠶᠢᠨ ᠦᠶᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠴᠢᠭᠢᠷᠠᠭ ᠳᠦᠷᠦᠵᠦ ᠲᠣᠷᠨᠢᠭᠤᠨ ᠥᠰᠬᠡᠬᠦ ᠶᠢ ᠰᠠᠨᠠᠭᠠᠴᠢᠯᠠᠵᠤ᠂ ᠵᠡᠷᠡᠮᠳᠡᠭ ᠲᠦᠷᠦᠭᠦ᠂ ᠰᠢᠮ᠎ᠡ ᠲᠡᠵᠢᠭᠡᠯ ᠤᠨ ᠴᠢᠨᠠᠷᠲᠠᠶ ᠡᠪᠡᠳᠴᠢᠨ ᠡᠮᠭᠡᠭ᠂ ᠬᠦᠨᠳᠦ ᠲᠦᠭᠰᠢᠭᠦᠷᠢᠲᠡᠶ ᠡᠪᠡᠳᠴᠢᠨ ᠵᠡᠷᠭᠡ ᠡᠮᠡᠭᠲᠡᠶᠢᠴᠦᠳ ᠪᠠ ᠨᠢᠯᠬ᠎ᠠ ᠬᠡᠦᠬᠡᠳ ᠤᠨ ᠡᠷᠡᠭᠦᠯ ᠮᠡᠨᠳᠦ ᠶᠢ ᠰᠦᠷᠳᠡᠭᠦᠯᠵᠦ ᠪᠠᠶᠢᠭ᠎ᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠣᠪᠣᠶᠢᠮ᠎ᠠ ᠠᠰᠠᠭᠤᠳᠠᠯ ᠤᠳ ᠢ ᠰᠠᠶᠢᠲᠤᠷ ᠰᠢᠶᠳᠪᠦᠷᠢᠯᠡᠵᠦ᠂ ᠬᠥᠳᠡᠭᠡ ᠲᠣᠰᠬᠤᠨ ᠤ ︿ᠬᠤᠶᠠᠷ ᠥᠮᠡᠨ﹀ ᠢ ᠰᠢᠭᠰᠢᠨ ᠪᠠᠶᠢᠴᠠᠭᠠᠬᠤ ᠶᠢ ᠰᠠᠶᠢᠲᠤᠷ ᠬᠡᠷᠡᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠲᠣᠤᠷ ᠢ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃ ᠶᠡᠷᠦᠩᠬᠡᠶ ᠰᠠᠶᠢᠳ ᠯᠢ ᠺᠧ ᠴᠢᠶᠠᠩ ᠪᠥᠬᠦ ᠤᠯᠤᠰ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠳᠡᠭᠡᠷ᠎ᠡ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠲᠡᠩᠴᠡᠭᠦᠷᠢ ᠥᠬᠡᠶ ᠠᠰᠠᠭᠤᠳᠠᠯ ᠢ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠰᠢᠶᠳᠪᠦᠷᠢᠯᠡᠬᠦ ᠶᠢ ᠠᠬᠢᠭᠤᠯᠵᠤ᠂ ᠡᠮᠡᠭᠲᠡᠶᠢᠴᠦᠳ ᠬᠡᠦᠬᠡᠳ ᠤᠨ ᠦᠶᠯᠡᠰ ᠪᠣᠯᠤᠨ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠨᠠᠩ ᠥᠨᠳᠥᠷ ᠲᠦᠪᠰᠢᠨ ᠳᠤ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠭᠰᠠᠨ ᠪᠠᠶᠢᠨ᠎ᠠ᠃ 2020 ᠣᠨ ᠤ 6 ᠳ᠋ᠤᠭᠠᠷ ᠰᠠᠷ᠎ᠠ ᠶᠢᠨ 1 ᠤ ᠡᠳᠦᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠡᠮᠨᠡᠯᠭᠡ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠵᠦ᠂ ︽ᠤᠯᠤᠰ ᠠᠴᠠ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠦᠶᠯᠡᠰ ᠢ ᠬᠥᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠶᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠡᠭᠲᠡᠶᠢᠴᠦᠳ᠂ ᠬᠡᠦᠬᠡᠳ ᠲᠤ ᠡᠷᠡᠭᠦᠯ ᠮᠡᠨᠳᠦ ᠶᠢ ᠬᠠᠮᠠᠭᠠᠯᠠᠬᠤ ᠵᠢᠴᠢ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠨ ᠵᠠᠰᠠᠬᠤ ᠦᠶᠯᠡᠴᠢᠯᠡᠭᠡ ᠬᠠᠩᠭᠠᠵᠤ᠂ ᠡᠮᠡᠭᠲᠡᠶᠢᠴᠦᠳ᠂ ᠬᠡᠦᠬᠡᠳ ᠤᠨ ᠡᠷᠡᠭᠦᠯ ᠮᠡᠨᠳᠦ ᠶᠢ ᠪᠠᠲᠤᠯᠠᠨ᠎ᠠ︾ ᠭᠡᠵᠦ ᠲᠣᠳᠤᠷᠬᠠᠢ ᠲᠣᠭᠲᠠᠭᠠᠭᠰᠠᠨ ᠪᠠᠶᠢᠨ᠎ᠠ᠃ ︽ᠡᠷᠡᠭᠦᠯ ᠡᠩᠬᠡ ᠳᠤᠮᠳᠠᠳᠤ ᠤᠯᠤᠰ ᠤᠨ 2030 ᠣᠨ ᠤ ᠲᠥᠯᠥᠪᠵᠢᠭᠦᠯᠭᠡ ᠶᠢᠨ ᠬᠥᠲᠥᠯᠪᠦᠷᠢ︾᠂ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019-2030︶︾ ᠪᠠ ︽︿ᠡᠷᠡᠭᠦᠯ ᠡᠩᠬᠡ ᠥᠪᠥᠷ ᠮᠣᠩᠭᠤᠯ 2030﹀ ᠶᠢᠨ ᠬᠡᠷᠡᠭᠵᠢᠭᠦᠯᠬᠦ ᠲᠥᠰᠦᠯ︾᠂ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠶᠯᠡᠴᠢᠯᠡᠭᠡᠨ ᠤ ᠲᠣᠭᠲᠠᠯᠴᠠᠭ᠎ᠠ ᠪᠠ ᠦᠶᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠳᠤ ᠴᠥᠮ ᠰᠢᠨ᠎ᠡ ᠪᠠᠷ ᠪᠣᠳᠠᠲᠠᠶ ᠱᠠᠭᠠᠷᠳᠠᠯᠭ᠎ᠠ ᠳᠤᠷᠠᠳᠴᠠᠢ᠃ ᠭᠤᠷᠪᠠ᠂ ︽ᠰᠠᠨᠠᠯ︾ ᠤᠨ ᠭᠤᠤᠯ ᠠᠭᠤᠯᠭ᠎ᠠ ︽ᠰᠠᠨᠠᠯ︾ ᠳᠤ 7 ᠬᠡᠰᠡᠭ ᠠᠭᠤᠯᠭ᠎ᠠ ᠪᠠᠭᠲᠠᠨ᠎ᠠ᠄ ᠨᠢᠭᠡ ᠳᠤ ᠶᠡᠷᠦᠩᠬᠡᠶ ᠱᠠᠭᠠᠷᠳᠠᠯᠭ᠎ᠠ᠃ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠳᠤ ᠴᠥᠮ ᠨᠢᠭᠡ ᠪᠠᠷᠢᠮᠵᠢᠶᠠᠵᠢᠭᠰᠠᠨ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠪᠠᠶᠢᠭᠤᠯᠬᠤ ᠪᠠᠷ ᠴᠢᠷᠮᠠᠶᠢᠨ᠎ᠠ᠃ ᠬᠤᠶᠠᠷ ᠲᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠶᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ᠂ ᠲᠤᠰᠬᠠᠢ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ᠂ ᠦᠢᠯᠡᠴᠢᠯᠡᠭᠡᠨ ᠤ ᠲᠣᠣᠷ ᠤᠨ ᠰᠠᠭᠤᠷᠢ ᠶᠢᠨ ᠪᠦᠲᠦᠭᠡᠨ ᠪᠠᠶᠢᠭᠤᠯᠤᠯᠲᠠ ᠵᠡᠷᠭᠡ ᠳᠦᠷᠪᠡᠨ ᠲᠠᠯ᠎ᠠ ᠪᠠᠷ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢ ᠲᠣᠳᠣᠷᠬᠠᠶᠢᠯᠠᠪᠠ᠃ ᠭᠤᠷᠪᠠ ᠳᠤ ᠡᠬᠡ ᠨᠢᠯᠬᠠᠰ ᠤᠨ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠎ᠠ᠃ ᠴᠢᠳᠠᠪᠤᠷᠢᠲᠠᠳ ᠢ ᠬᠥᠮᠦᠵᠢᠭᠦᠯᠬᠦ᠂ ᠴᠢᠳᠠᠪᠤᠷᠢᠲᠠᠳ ᠤᠷᠢᠨ ᠵᠠᠯᠠᠬᠤ ᠶᠢ ᠴᠢᠩᠭᠠᠳᠬᠠᠬᠤ᠂ ᠴᠠᠯᠢᠩ ᠬᠥᠯᠥᠰᠥ ᠶᠢᠨ ᠤᠷᠮᠠᠰᠢᠭᠤᠯᠤᠯ ᠢ ᠴᠢᠩᠭᠠᠳᠬᠠᠬᠤ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠳᠤᠷᠠᠳᠪᠠ᠃ ᠳᠥᠷᠪᠡ ᠳᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠶᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠭᠤᠣᠯᠳᠠᠭᠤ ᠬᠦᠨᠳᠦ ᠡᠪᠡᠳᠴᠢᠲᠡᠨ ᠢ ᠡᠮᠨᠡᠨ ᠠᠪᠤᠷᠠᠬᠤ᠂ ᠡᠬᠡ ᠨᠢᠯᠬᠠᠰ ᠤᠨ ᠡᠮᠴᠢᠯᠡᠭᠡᠨ ᠤ ᠦᠶᠯᠡᠴᠢᠯᠡᠭᠡ᠂ ᠡᠬᠡ ᠨᠢᠯᠬᠠᠰ ᠤᠨ ᠡᠷᠡᠭᠦᠯᠵᠢᠯ ᠤᠨ ᠦᠶᠯᠡᠴᠢᠯᠡᠭᠡ᠂ ᠡᠮᠡᠭᠲᠡᠶᠢᠴᠦᠳ ᠬᠡᠦᠬᠡᠳ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠬᠡ ᠨᠢᠯᠬᠠᠰ ᠤᠨ ᠡᠷᠡᠭᠦᠯ ᠮᠡᠨᠳᠦ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠪᠤ ᠳᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠪᠰᠢᠨ ᠢ ᠴᠢᠩᠭᠠᠳᠬᠠᠨ᠎ᠠ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ᠂ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠴᠢᠨᠠᠷ ᠰᠠᠶᠢᠲᠠᠶ ᠦᠶᠯᠡᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠵᠡᠷᠭᠡ ᠲᠠᠯ᠎ᠠ ᠪᠠᠷ ᠲᠣᠳᠣᠷᠬᠠᠶᠢᠯᠠᠵᠤ ᠨᠠᠷᠢᠯᠢᠬᠵᠢᠭᠤᠯᠪᠠ᠃ ᠵᠢᠷᠭᠤᠭ᠎ᠠ ᠳᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠢᠳᠡᠪᠬᠢᠲᠡᠶ ᠠᠬᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠬᠡᠷᠬᠢᠨ ᠠᠬᠢᠭᠤᠯᠬᠤ ᠪᠠ ᠠᠵᠢᠯ ᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ᠳᠣᠯᠤᠭ᠎ᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠬᠤ ᠰᠢᠯᠭᠠᠨ ᠬᠢᠨᠠᠬᠤ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ ᠭᠤᠷᠪᠠᠨ ᠲᠠᠯ᠎ᠠ ᠪᠠᠷ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠭᠤᠤᠯ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠡᠬᠡ ᠨᠢᠯᠬᠠᠰ ᠤᠨ ᠡᠷᠡᠭᠦᠯ ᠮᠡᠨᠳᠦ ᠶᠢᠨ ᠦᠶᠯᠡᠰ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠦᠶᠯᠡᠰ ᠶᠤᠮ᠂ ᠡᠬᠡ ᠨᠢᠯᠬᠠᠰ ᠤᠨ ᠡᠷᠡᠭᠦᠯ ᠮᠡᠨᠳᠦ ᠨᠢ ᠪᠥᠬᠦ ᠣᠷᠣᠨ ᠤ ᠭᠤᠷᠪᠠᠨ ᠤ ᠬᠤᠶᠠᠷ ᠠᠴᠠ ᠳᠡᠭᠡᠭᠰᠢᠬᠢ ᠣᠯᠠᠨ ᠲᠦᠮᠡᠨ ᠲᠠᠢ ᠬᠤᠯᠪᠤᠭᠳᠠᠬᠤ ᠲᠤᠯᠠ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠨᠢᠭᠡᠳᠦᠯᠲᠡᠶ ᠲᠥᠯᠥᠪᠵᠢᠭᠦᠯᠦᠨ᠂ ᠠᠵᠢᠯ ᠬᠤᠪᠢᠶᠠᠷᠢᠯᠠᠨ ᠬᠠᠮᠵᠢᠯᠴᠠᠵᠤ᠂ ᠳᠡᠭᠡᠳᠦ ᠬᠡᠮᠵᠢᠶ᠎ᠡ ᠪᠠᠷ ᠠᠬᠢᠭᠤᠯᠬᠤ ᠴᠢᠬᠤᠯᠠ ᠲᠠᠢ ᠪᠠᠶᠢᠨ᠎ᠠ᠃ |
|
|
|
ᠢᠷᠡᠯᠲᠡ᠄
ᠥᠪᠦᠷ ᠮᠣᠩᠭᠤᠯ ᠤᠨ ᠵᠠᠰᠠᠭ ᠤᠨ ᠣᠷᠳᠤᠨ
|