|
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠪᠠᠯᠠ | ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠬᠡᠷᠡᠭᠵᠢᠭᠦᠯᠬᠦ ᠲᠣᠭᠲᠠᠭᠠᠯ ︵ᠲᠦᠷ ᠬᠡᠷᠡᠭᠵᠢᠭᠦᠯᠬᠦ︶︾ ᠤᠨ ᠲᠤᠬᠠᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ |
|
|
ᠨᠡᠶᠢᠲᠡᠯᠡᠭᠰᠡᠨ ᠴᠠᠭ᠄
2021/4/23
|
|
ᠨᠢᠭᠡ᠂ ᠨᠡᠶᠢᠲᠡᠯᠡᠭᠰᠡᠨ ᠠᠬᠤᠶ ᠪᠠᠶᠢᠳᠠᠯ ︽ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ᠳᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢ ᠪᠦᠷᠢᠨᠰᠢᠭᠦᠯᠬᠦ ᠶᠡᠷᠦᠩᠬᠡᠶ ᠱᠠᠭᠠᠷᠳᠠᠯᠭ᠎ᠠ᠂ ᠦᠨᠳᠦᠰᠦᠨ ᠵᠠᠷᠴᠢᠮ ᠪᠠ ᠭᠤᠤᠯ ᠡᠭᠦᠷᠭᠡ ᠪᠣᠯ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ ᠭᠡᠵᠦ ᠲᠣᠳᠣᠷᠬᠠᠶ ᠲᠣᠭᠲᠠᠭᠠᠵᠠᠶ᠃ ︽ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠲᠦᠷ ᠬᠡᠷᠡᠭᠵᠢᠭᠦᠯᠬᠦ ᠲᠣᠭᠲᠠᠭᠠᠯ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠳᠤ ᠳᠤᠷᠠᠳᠤᠭᠰᠠᠨ ᠨᠢ᠂ ᠡᠷᠬᠡ ᠬᠠᠷᠢᠭᠤᠴᠠᠯᠭ᠎ᠠ ᠶᠢ ᠵᠣᠬᠢᠴᠠᠭᠤᠯᠬᠤ᠂ ᠡᠷᠬᠡ ᠬᠠᠷᠢᠭᠤᠴᠠᠯᠭ᠎ᠠ ᠶᠢ ᠠᠳᠠᠯᠢ ᠲᠡᠭᠰᠢ ᠪᠠᠶᠢᠯᠭᠠᠬᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠰ ᠱᠠᠲᠤᠨ ᠤ ᠵᠠᠰᠠᠭ ᠤᠨ ᠣᠷᠳᠣᠨ ᠤ ᠣᠯᠭᠤᠭᠰᠠᠨ ᠡᠷᠬᠡ ᠶᠢ ᠦᠨᠳᠦᠰᠦᠯᠡᠨ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠶ ᠭᠦᠢᠴᠡᠳᠬᠡᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠦᠷᠦᠩᠬᠡ ᠶᠢ ᠬᠠᠮᠢᠶᠠᠷᠬᠤ ᠪᠠᠷ ᠭᠤᠣᠯ ᠪᠣᠯᠭᠠᠨ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠬᠡ ᠶᠢ ᠪᠠᠶᠢᠷᠢᠰᠢᠭᠤᠯᠬᠤ᠂ ᠬᠦᠷᠦᠩᠬᠡ ᠶᠢᠨ ᠠᠵᠢᠯᠯᠠᠭᠠᠨ ᠢ ᠵᠢᠷᠤᠮᠵᠢᠭᠤᠯᠬᠤ᠂ ᠬᠦᠷᠦᠩᠬᠡ ᠶᠢᠨ ᠠᠰᠢᠭ ᠣᠯᠵᠠᠪᠤᠷᠢ ᠶᠢ ᠨᠡᠮᠡᠭᠳᠡᠭᠦᠯᠬᠦ᠂ ᠬᠦᠷᠦᠩᠬᠡ ᠶᠢᠨ ᠠᠮᠤᠷ ᠲᠦᠪᠰᠢᠨ ᠢ ᠬᠠᠮᠠᠭᠠᠯᠠᠬᠤ ᠶᠢ ᠭᠤᠣᠯᠳᠠᠯᠭ᠎ᠠ ᠲᠠᠢ ᠰᠠᠶᠢᠲᠤᠷ ᠬᠠᠮᠢᠶᠠᠷᠴᠤ᠂ ᠤᠯᠤᠰ ᠠᠴᠠ ᠪᠡᠯᠡ ᠭᠠᠷᠭᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠦᠩᠬᠡ ᠶᠢᠨ ᠠᠰᠢᠭ ᠣᠯᠵᠠᠪᠤᠷᠢ ᠤᠯᠬᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠯᠴᠠᠬᠤ ᠪᠠ ᠬᠠᠮᠢᠶᠠᠷᠤᠭᠴᠢ ᠶᠢ ᠰᠣᠩᠭᠤᠬᠤ ᠵᠡᠷᠭᠡ ᠪᠡᠯᠡ ᠭᠠᠷᠭᠠᠭᠴᠢ ᠶᠢᠨ ᠡᠷᠬᠡ ᠠᠰᠢᠭ ᠢ ᠬᠠᠤᠯᠢ ᠶᠣᠰᠣᠭᠠᠷ ᠡᠳ᠋ᠯᠡᠭᠦᠯᠬᠦ ᠬᠡᠷᠡᠭᠲᠡᠢ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠲᠥᠯᠥᠪᠯᠡᠭᠡ ᠳᠤ ᠠᠰᠲᠠᠭᠠᠨ ᠵᠢᠭᠰᠠᠭᠠᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠣᠰ ᠲᠣᠭᠲᠠᠭᠠᠯ ᠢ ᠦᠨᠳᠦᠰᠦᠯᠡᠨ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠪᠠ ᠬᠠᠮᠢᠶᠠᠷᠤᠯᠲᠠ ᠶᠢᠨ ᠣᠳᠣᠬᠢ ᠪᠠᠶᠢᠳᠠᠯ ᠲᠠᠢ ᠪᠠᠨ ᠤᠶᠠᠯᠳᠤᠭᠤᠯᠵᠤ᠂ ᠪᠣᠳᠠᠲᠠᠶ ᠬᠡᠷᠡᠭᠵᠢᠭᠦᠯᠬᠦ ᠲᠣᠭᠲᠠᠭᠠᠯ ᠲᠣᠭᠲᠠᠭᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ ᠬᠤᠶᠠᠷ᠂ ᠨᠡᠶᠢᠲᠡᠯᠡᠭᠰᠡᠨ ᠵᠣᠷᠢᠯᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠬᠡᠷᠡᠭᠵᠢᠭᠦᠯᠬᠦ ᠲᠣᠭᠲᠠᠭᠠᠯ ︵ᠲᠦᠷ ᠬᠡᠷᠡᠭᠵᠢᠭᠦᠯᠬᠦ︶︾ ᠢ ᠨᠡᠶᠢᠲᠡᠯᠡᠭᠰᠡᠨ ᠨᠢ᠂ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠠᠯᠠ ᠭᠠᠷᠭᠠᠭᠴᠢ ᠶᠢᠨ ᠬᠠᠮᠢᠶᠠᠷᠤᠯᠲᠠ ᠶᠢᠨ ᠠᠭᠤᠯᠭ᠎ᠠ ᠶᠢ ᠲᠣᠭᠲᠠᠭᠠᠨ᠂ ᠪᠠᠯᠠ ᠭᠠᠷᠭᠠᠭᠴᠢ ᠶᠢᠨ ᠬᠠᠮᠢᠶᠠᠷᠤᠯᠲᠠ ᠶᠢᠨ ᠲᠦᠷᠢᠮ ᠢ ᠵᠢᠷᠤᠮᠵᠢᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠲᠠᠰ ᠳᠠᠷᠠᠭᠠᠵᠢᠭᠤᠯᠬᠤ ᠪᠠ ᠪᠣᠳᠠᠲᠠᠶᠢᠵᠢᠭᠤᠯᠬᠤ ᠶᠢ ᠲᠥᠪᠯᠡᠷᠡᠭᠦᠯᠦᠨ ᠨᠢᠭᠡᠳᠦᠯᠲᠡᠶ ᠭᠦᠢᠴᠡᠳᠬᠡᠬᠦ ᠪᠣᠯ ᠮᠠᠨ ᠤ ᠣᠷᠣᠨ ᠤ ᠲᠥᠪ ᠤᠨ ᠬᠤᠯᠪᠣᠭᠳᠠᠯ ᠪᠥᠬᠦᠶ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠪᠥᠷᠢᠨᠰᠢᠭᠦᠯᠬᠦ ᠪᠣᠷᠣ ᠲᠥᠯᠥᠪ ᠤᠨ ᠴᠢᠨᠠᠷᠲᠠᠶ ᠲᠦᠷᠢᠮ ᠪᠣᠯᠵᠠᠢ᠃ ᠭᠤᠷᠪᠠ᠂ ᠭᠤᠣᠯ ᠠᠭᠤᠯᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠬᠡᠷᠡᠭᠵᠢᠭᠦᠯᠬᠦ ᠲᠣᠭᠲᠠᠭᠠᠯ ︵ᠲᠦᠷ ᠬᠡᠷᠡᠭᠵᠢᠭᠦᠯᠬᠦ︶︾ ᠨᠢ ᠲᠣᠰ ᠱᠠᠲᠤᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠰᠠᠭᠤᠷᠢ ᠬᠠᠮᠢᠶᠠᠷᠤᠯᠲᠠ᠂ ᠴᠢᠬᠤᠯᠠ ᠶᠡᠭᠡ ᠵᠦᠢᠯᠡᠰ ᠤᠨ ᠬᠠᠮᠢᠶᠠᠷᠤᠯᠲᠠ᠂ ᠬᠠᠮᠢᠶᠠᠷᠤᠭᠴᠢ ᠶᠢ ᠰᠣᠩᠭᠤᠬᠤ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠴᠠᠯᠢᠩ ᠬᠥᠯᠥᠰᠥ ᠶᠢᠨ ᠬᠠᠮᠢᠶᠠᠷᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ᠂ ᠨᠡᠶᠢᠲᠡ ᠨᠠᠢᠮᠠᠨ ᠪᠦᠯᠦᠭ ᠬᠡᠰᠡᠭ᠂ ᠭᠤᠴᠢ ᠶᠢᠰᠦᠨ ᠵᠦᠢᠯ ᠵᠤᠷᠪᠤᠰ ᠲᠠᠢ᠃ ᠨᠢᠭᠡᠳᠦᠭᠡᠷ ᠪᠦᠯᠦᠭ ᠶᠡᠷᠦᠩᠬᠡᠶ ᠲᠦᠷᠢᠮ ᠪᠣᠯᠣᠨ᠎ᠠ᠂ ᠪᠢᠴᠢᠭ ᠮᠠᠲ᠋ᠧᠷᠢᠶᠠᠯ ᠢᠶᠠᠷ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢᠨ ᠦᠨᠳᠦᠰᠦᠯᠡᠯ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠤᠬᠠᠭᠳᠠᠬᠤᠨ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠪᠡᠯᠡ ᠭᠠᠷᠭᠠᠭᠴᠢ ᠪᠠ ᠨᠠᠶᠢᠳᠠᠯᠭ᠎ᠠ ᠬᠦᠯᠢᠶᠡᠭᠴᠢ ᠶᠢᠨ ᠤᠬᠠᠭᠳᠠᠬᠤᠨ᠂ ᠪᠦᠬᠦ ᠰᠢᠰᠲ᠋ᠧᠮ ᠤᠨ ᠮᠡᠳᠡᠭᠦᠯᠦᠯᠲᠡ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ᠬᠤᠶᠠᠳᠤᠭᠠᠷ ᠪᠦᠯᠦᠭ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠣᠯᠣᠨ᠎ᠠ᠂ ᠪᠡᠯᠡ ᠭᠠᠷᠭᠠᠭᠴᠢ ᠶᠢᠨ ᠡᠷᠬᠡ ᠮᠡᠳᠡᠯ ᠤᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠪᠠ᠃ ᠭᠤᠷᠪᠠᠳᠤᠭᠠᠷ ᠪᠦᠯᠦᠭ ᠨᠠᠶᠢᠳᠠᠯᠭ᠎ᠠ ᠬᠦᠯᠢᠶᠡᠭᠴᠢ ᠶᠢᠨ ᠡᠭᠦᠷᠭᠡ ᠬᠠᠷᠢᠭᠤᠴᠠᠯᠭ᠎ᠠ ᠪᠣᠯᠣᠨ᠎ᠠ᠂ ᠨᠠᠶᠢᠳᠠᠯᠭ᠎ᠠ ᠬᠦᠯᠢᠶᠡᠭᠴᠢ ᠶᠢᠨ ᠡᠷᠬᠡ ᠪᠠ ᠡᠭᠦᠷᠭᠡ ᠶᠢ ᠲᠣᠳᠣᠷᠬᠠᠶᠢᠯᠠᠪᠠ᠃ ᠳᠥᠷᠪᠡᠳᠦᠭᠡᠷ ᠪᠦᠯᠦᠭ ᠰᠠᠭᠤᠷᠢ ᠬᠠᠮᠢᠶᠠᠷᠤᠯᠲᠠ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠪᠠᠯᠠ ᠭᠠᠷᠭᠠᠭᠴᠢ ᠪᠣᠯᠤᠭᠰᠠᠨ ᠤ ᠬᠤᠪᠢ ᠳᠤ᠂ ᠡᠳ᠋ ᠬᠥᠷᠥᠩᠭᠡ ᠶᠢ ᠪᠦᠷᠢᠳᠬᠡᠨ ᠪᠠᠯᠠ ᠮᠥᠩᠭᠦ ᠶᠢ ᠬᠠᠷᠭᠤᠭᠤᠯᠬᠤ᠂ ᠡᠳ᠋ ᠤᠨ ᠶᠠᠪᠤᠳᠠᠯ ᠤᠨ ᠤᠯᠠᠷᠢᠯ ᠤᠨ ᠮᠡᠳᠡᠭᠦᠯᠦᠯᠲᠡ ᠶᠢᠨ ᠲᠥᠰᠦᠪ ᠤᠨ ᠭᠦᠢᠴᠡᠳᠬᠡᠯ᠂ ᠥᠮᠴᠢᠯᠡᠬᠦ ᠡᠷᠬᠡ ᠶᠢ ᠳᠠᠩᠰᠠᠯᠠᠬᠤ᠂ ᠥᠮᠴᠢᠯᠡᠬᠦ ᠡᠷᠬᠡ ᠶᠢ ᠰᠢᠯᠵᠢᠭᠦᠯᠬᠦ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠠᠰᠢᠭ ᠣᠯᠵᠠᠪᠤᠷᠢ ᠪᠠ ᠡᠵᠡᠩᠨᠡᠯᠲᠡ ᠶᠢᠨ ᠲᠥᠰᠥᠪ ᠪᠠ ᠲᠥᠰᠦᠪ ᠤᠨ ᠭᠦᠢᠴᠡᠳᠬᠡᠯ ᠂ ᠰᠲ᠋ᠣᠺ ᠤᠨ ᠡᠷᠬᠡ ᠶᠢᠨ ᠬᠡᠷᠡᠭ ᠮᠡᠳᠡᠭᠴᠢ ᠲᠣᠮᠢᠯᠠᠬᠤ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢ ᠲᠣᠬᠢᠷᠠᠭᠤᠯᠬᠤ ᠵᠡᠷᠭᠡ ᠰᠠᠭᠤᠷᠢ ᠬᠠᠮᠢᠶᠠᠷᠤᠯᠲᠠ ᠶᠢᠨ ᠠᠭᠤᠯᠭ᠎ᠠ ᠶᠢ ᠲᠣᠳᠣᠷᠬᠠᠶᠢᠯᠠᠪᠠ᠃ ᠲᠠᠪᠤᠳᠤᠭᠠᠷ ᠪᠦᠯᠦᠭ ᠴᠢᠬᠤᠯᠠ ᠶᠡᠭᠡ ᠵᠦᠢᠯᠡᠰ ᠤᠨ ᠬᠠᠮᠢᠶᠠᠷᠤᠯᠲᠠ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠢᠴᠢ ᠨᠠᠶᠢᠳᠠᠯᠭ᠎ᠠ ᠬᠦᠯᠢᠶᠡᠭᠴᠢ ᠶᠢ ᠴᠢᠬᠤᠯᠠ ᠶᠡᠭᠡ ᠵᠦᠢᠯᠡᠰ ᠤᠨ ᠬᠠᠮᠢᠶᠠᠷᠤᠯᠲᠠ ᠳᠤ ᠬᠠᠤᠯᠢ ᠲᠣᠭᠲᠠᠭᠠᠯ ᠶᠣᠰᠣᠭᠠᠷ ᠣᠷᠣᠯᠴᠠᠬᠤ ᠶᠢ ᠱᠠᠭᠠᠷᠳᠠᠵᠤ᠂ ᠴᠢᠬᠤᠯᠠ ᠶᠡᠭᠡ ᠵᠦᠢᠯᠡᠰ ᠤᠨ ᠠᠭᠤᠯᠭ᠎ᠠ ᠪᠠ ᠬᠠᠮᠢᠶᠠᠷᠤᠯᠲᠠ ᠶᠢᠨ ᠲᠦᠷᠢᠮ ᠢ ᠲᠣᠳᠣᠷᠬᠠᠶᠢᠯᠠᠪᠠ᠃ ᠵᠢᠷᠭᠤᠳᠤᠭᠠᠷ ᠪᠦᠯᠦᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠰᠣᠩᠭᠤᠬᠤ ᠪᠠ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠣᠯᠣᠨ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠰᠣᠩᠭᠤᠬᠤ ᠠᠷᠭ᠎ᠠ ᠮᠠᠶ᠋ᠢᠭ ᠪᠠ ᠳᠡᠰ ᠳᠠᠷᠠᠭᠠᠯᠠᠯ ᠢ ᠲᠣᠳᠣᠷᠬᠠᠶᠢᠯᠠᠬᠤ ᠶᠢᠨ ᠬᠠᠮᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠬᠢᠨᠠᠨ ᠰᠢᠯᠭᠠᠵᠤ ᠦᠨᠡᠯᠡᠬᠦ ᠳᠤ ᠲᠦᠷᠢᠮ ᠤᠨ ᠲᠤᠬᠢᠷᠠᠭᠤᠯᠤᠯᠲᠠ ᠬᠢᠪᠡ᠃ ᠳᠣᠯᠣᠳᠤᠭᠠᠷ ᠪᠦᠯᠦᠭ ᠴᠠᠯᠢᠩ ᠬᠥᠯᠥᠰᠥ ᠶᠢᠨ ᠬᠠᠮᠢᠶᠠᠷᠤᠯᠲᠠ ᠪᠣᠯᠣᠨ᠎ᠠ᠂ ᠴᠠᠯᠢᠩ ᠬᠥᠯᠥᠰᠥ ᠶᠢᠨ ᠬᠠᠮᠢᠶᠠᠷᠤᠯᠲᠠ ᠶᠢᠨ ᠵᠠᠷᠴᠢᠮ᠂ ᠴᠠᠯᠢᠩ ᠤᠨ ᠶᠡᠷᠦᠩᠬᠡᠶ ᠲᠤᠭ᠎ᠠ᠂ ᠴᠠᠯᠢᠩ ᠬᠥᠯᠥᠰᠥ ᠶᠢᠨ ᠪᠦᠷᠢᠯᠳᠦᠯ᠂ ᠵᠢᠯ ᠤᠨ ᠦᠨᠳᠦᠰᠦᠨ ᠴᠠᠯᠢᠩ᠂ ᠠᠵᠢᠯ ᠤᠨ ᠠᠮᠵᠢᠯᠲᠠ ᠪᠦᠲᠦᠮᠵᠢ ᠶᠢᠨ ᠵᠢᠯ ᠤᠨ ᠴᠠᠯᠢᠩ᠂ ᠲᠤᠰᠢᠶᠠᠯ ᠤᠨ ᠬᠤᠭᠤᠴᠠᠭᠠᠨ ᠤ ᠤᠷᠮᠠᠰᠢᠭᠤᠯᠤᠯ ᠤᠨ ᠣᠷᠣᠯᠭ᠎ᠠ᠂ ᠴᠠᠯᠢᠩ ᠬᠥᠯᠥᠰᠥ ᠶᠢ ᠪᠣᠳᠠᠲᠠᠶᠢᠵᠢᠭᠤᠯᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ᠨᠠᠢᠮᠠᠳᠤᠭᠠᠷ ᠪᠦᠯᠦᠭ ᠳᠠᠭᠠᠯᠳᠤᠭᠤᠯᠤᠯ ᠲᠦᠷᠢᠮ ᠪᠣᠯᠣᠨ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠳᠤ ᠪᠡᠯᠡ ᠣᠷᠤᠭᠤᠯᠤᠨ ᠬᠤᠪᠢ ᠣᠷᠣᠭᠤᠯᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠭᠤᠯᠭ᠎ᠠ ᠶᠢᠨ ᠲᠤᠬᠠᠶ ᠱᠠᠭᠠᠷᠳᠠᠯᠭ᠎ᠠ ᠳᠤᠷᠠᠳᠪᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|