ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠣᠬᠢᠷᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/27

      4 ᠳ᠋ᠦ᠋ᠭᠡᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠣᠬᠢᠷᠠᠭᠤᠯᠬᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠡᠯ᠎ᠡ ᠰᠢᠰᠲ᠋ᠧᠮ ᠤᠨ ᠬᠥᠮᠦᠵᠢᠯ ᠴᠡᠭᠴᠡᠯᠡᠯᠲᠡ ᠶᠢᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠤᠭᠤᠳᠪᠠ᠃
      ᠯᠢᠨ ᠱᠤᠤ ᠴᠦᠨ ᠵᠢᠭᠠᠵᠤ ᠭᠠᠷᠭᠠᠬᠤ ᠳᠤ ᠪᠠᠨ᠂ ᠣᠳᠣᠬᠠᠨ ᠳᠤ ᠮᠠᠨ ᠤ ᠣᠷᠣᠨ ᠤ ᠬᠥᠮᠦᠵᠢᠯ ᠴᠡᠭᠴᠡᠯᠡᠯᠲᠡ ᠶᠢᠨ ᠠᠵᠢᠯ ᠱᠠᠳᠤᠴᠢ ᠴᠢᠨᠠᠷᠲᠠᠢ ᠠᠬᠢᠴᠠ ᠲᠠᠢ ᠪᠣᠯᠤᠭᠰᠠᠨ ᠪᠣᠯᠪᠠᠴᠤ ᠤᠯᠤᠰ ᠲᠦᠷᠦ ᠶᠢᠨ ᠵᠣᠭᠰᠣᠴᠠ᠂ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠪᠠᠭ᠎ᠠ ᠪᠤᠰᠤ ᠵᠥᠷᠢᠶ᠎ᠡ ᠲᠠᠢ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠢᠰᠲ᠋ᠧᠮ᠂ ᠡᠯ᠎ᠡ ᠨᠢᠭᠡᠴᠢ ᠨᠦᠭᠦᠳ ᠠᠰᠠᠭᠤᠳᠠᠯ ᠤᠨ ᠳᠤᠲᠠᠭᠤᠳᠠᠯ ᠳᠤ ᠵᠥᠪ ᠢᠶᠠᠷ ᠬᠠᠨᠳᠤᠵᠤ᠂ ᠤᠯᠤᠰ ᠲᠦᠷᠦ ᠶᠢᠨ ᠲᠠᠯ᠎ᠠ ᠪᠠᠷ ᠡᠷᠡᠰ ᠭᠦᠢᠴᠡᠳᠭᠡᠬᠦ᠂ ᠤᠯᠤᠰ ᠲᠦᠷᠦ ᠶᠢᠨ ᠲᠠᠯ᠎ᠠ ᠪᠠᠷ ᠰᠢᠢᠳᠪᠦᠷᠢᠯᠡᠬᠦ ᠠᠷᠭ᠎ᠠ ᠵᠠᠮ ᠢ ᠡᠷᠢᠯᠬᠢᠯᠡᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠬᠥᠮᠦᠵᠢᠯ ᠴᠡᠭᠴᠡᠯᠡᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠵᠣᠷᠢᠭᠲᠠᠢ ᠪᠠᠷ ᠡᠭᠦᠷᠭᠡᠯᠡᠵᠦ᠂ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷᠭᠦᠯᠵᠢᠯᠡᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠯ᠎ᠡ᠃
     ᠯᠢᠨ ᠱᠤᠤ ᠴᠦᠨ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠤᠳ ᠠᠵᠢᠯ ᠤᠨ ᠠᠷᠭ᠎ᠠ ᠪᠠᠨ ᠨᠠᠷᠢᠯᠢᠬᠵᠢᠭᠤᠯᠵᠤ᠂ ᠰᠤᠷᠤᠯᠴᠠᠯᠭ᠎ᠠ ᠬᠥᠮᠦᠵᠢᠯ ᠤᠨ ︽ᠪᠤᠴᠠᠵᠤ ᠪᠠᠶᠢᠴᠠᠭᠠᠨ ᠦᠵᠡᠬᠦ︾ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠪᠠᠨ ᠤᠯᠠᠮ ᠴᠢᠨᠠᠭᠰᠢᠳᠠ ᠪᠠᠬᠢᠵᠢᠭᠦᠯᠬᠦ᠂ ᠰᠢᠨᠵᠢᠯᠡᠬᠦ ᠤᠬᠠᠭᠠᠨᠴᠢ ᠤᠨᠤᠯ ᠢᠶᠠᠷ ᠵᠡᠪᠰᠡᠭᠯᠡᠬᠦ ᠪᠠᠨ ᠴᠢᠩᠭᠠᠳᠬᠠᠬᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠴᠢᠳᠠᠪᠤᠷᠢ ᠪᠠᠨ ᠴᠢᠩᠭᠠᠳᠬᠠᠬᠤ᠂ ᠠᠷᠢᠭᠤᠨ ᠴᠢᠬᠡᠴᠢ ᠪᠠᠷ ᠴᠠᠭᠳᠠᠭ᠎ᠠ ᠶᠢᠨ ᠠᠵᠢᠯ ᠬᠢᠬᠦ ᠤᠬᠠᠮᠰᠠᠷ ᠢᠶᠠᠨ ᠭᠦᠨᠵᠡᠭᠡᠶᠢᠷᠡᠭᠦᠯᠵᠦ᠂ ᠠᠷᠠᠳ ᠲᠦᠮᠡᠨ ᠤ ᠵᠣᠭᠰᠣᠯᠲᠠ ᠪᠠᠨ ᠪᠠᠲᠤᠳᠬᠠᠬᠤ ᠬᠡᠷᠡᠭᠲᠡᠢ ︔ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠳᠤ ᠪᠠᠨ ᠦᠨᠡᠨ ᠬᠦ ᠬᠠᠲᠠᠭᠤ ᠲᠠᠢ ᠨᠢ ᠬᠠᠯᠳᠠᠵᠤ᠂ ᠠᠮᠢᠨ ᠭᠠᠵᠠᠷ ᠢ ᠨᠢ ᠭᠦᠨᠳᠡᠵᠦ᠂ ᠦᠷ᠎ᠡ ᠳ᠋ᠦᠩ ᠤᠨ ᠤᠳᠤᠷᠢᠳᠤᠮᠵᠢ ᠶᠢ ᠪᠣᠶ ᠪᠣᠯᠭᠠᠵᠤ᠂ ᠺᠠᠳ᠋ᠷ ᠴᠠᠭᠳᠠᠭ᠎ᠠ ᠳᠤ ᠨᠠᠮ ᠤᠨ ᠲᠥᠪ ᠬᠤᠷᠢᠶ᠎ᠠ ᠶᠢᠨ ︽ᠥᠩᠭᠡᠷᠡᠭᠰᠡᠨ ᠢ ᠨᠢ ᠵᠠᠯᠬᠠᠭᠠᠨ ᠬᠤᠶᠢᠰᠢ ᠳᠤ ᠨᠢ ᠴᠡᠭᠡᠷᠯᠡᠯ ᠪᠣᠯᠭᠠᠵᠤ ᠡᠪᠡᠳᠴᠢᠨ ᠢ ᠨᠢ ᠡᠮᠨᠡᠬᠦ︾ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠭᠤᠤᠯᠳᠠᠯᠭ᠎ᠠ ᠲᠠᠢ ᠲᠣᠳᠣᠷᠬᠠᠶ ᠶᠠᠷᠢᠵᠤ ᠥᠭᠴᠦ᠂ ᠺᠠᠳ᠋ᠷ ᠴᠠᠭᠳᠠᠭ᠎ᠠ ᠶᠢᠨ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢᠶᠠᠨ ᠲᠤᠰᠢᠶᠠᠬᠤ ᠪᠠᠶᠢᠳᠠᠯ ᠳᠤ ᠴᠢᠭᠯᠡᠭᠦᠯᠦᠨ ᠬᠥᠮᠦᠨ ᠳᠠᠷᠠᠭᠠᠯᠠᠨ ᠡᠬᠡ ᠲᠠᠩᠰᠠ ᠪᠠᠶᠢᠭᠤᠯᠵᠤ᠂ ᠺᠠᠳ᠋ᠷ ᠴᠠᠭᠳᠠᠭ᠎ᠠ ᠶᠢᠨ ᠰᠠᠨᠠᠭᠠᠴᠢᠯᠠᠭ᠎ᠠ ᠠᠴᠠ ᠪᠠᠨ ᠲᠤᠰᠢᠶᠠᠭᠰᠠᠨ ᠠᠰᠠᠭᠤᠳᠠᠯ ᠢ ᠲᠡᠷᠡ ᠳᠠᠷᠤᠶ ᠳᠤ ᠨᠢ ᠬᠠᠷᠭᠤᠭᠤᠯᠤᠨ ᠪᠠᠶᠢᠴᠠᠭᠠᠵᠤ ᠰᠢᠶᠳᠪᠦᠷᠢᠯᠡᠨ᠂ ᠠᠭᠤᠴᠢᠯᠠᠨ ᠰᠢᠢᠳᠭᠡᠬᠦ ᠲᠥᠷᠥ ᠶᠢᠨ ᠪᠣᠳᠣᠯᠭ᠎ᠠ ᠶᠢ ᠪᠣᠲᠠᠲᠠᠶᠢᠵᠢᠭᠤᠯᠬᠤ ᠬᠡᠷᠡᠭᠲᠡᠶ ︔ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠪᠠᠨ ᠲᠦᠷᠭᠡᠳᠬᠡᠵᠦ᠂ ᠬᠠᠮᠲᠤ ᠨᠡᠶᠢᠲᠡ ᠳᠤ ᠬᠤᠣᠷ ᠬᠥᠨᠥᠭᠡᠯ ᠤᠴᠠᠷᠠᠭᠤᠯᠤᠭᠰᠠᠳ ᠢ ᠴᠡᠪᠡᠷᠯᠡᠨ ᠠᠷᠢᠯᠭᠠᠵᠤ᠂ ᠭᠤᠣᠯᠳᠠᠯᠭ᠎ᠠ ᠲᠠᠢ ᠰᠦᠪᠡᠭᠴᠢ ᠶᠢ ᠠᠯᠳᠠᠯ ᠦᠭᠡᠢ ᠠᠳᠬᠤᠵᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠬᠢᠴᠠ ᠪᠠᠨ ᠲᠦᠷᠭᠡᠳᠬᠡᠵᠦ᠂ ᠺᠠᠳ᠋ᠷ ᠴᠠᠭᠳᠠᠭ᠎ᠠ ᠶᠢᠨ ᠨᠡᠭᠦᠷᠡᠰᠦ ᠲᠠᠢ ᠬᠤᠯᠪᠣᠭᠳᠠᠭᠰᠠᠨ ᠡᠷᠡᠭᠦᠦ ᠰᠢᠢᠳᠬᠡᠯ ᠢ ᠭᠦᠢᠴᠡᠳᠬᠡᠬᠦ ᠰᠦᠪᠡᠭᠴᠢ ᠶᠢᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠠᠩᠬᠠᠷᠬᠤ ᠬᠡᠷᠡᠭᠲᠡᠢ ︔ ᠠᠷᠬᠠᠭ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠲᠤᠰᠬᠠᠶ ᠴᠡᠭᠴᠡᠯᠡᠨ ᠵᠠᠰᠠᠬᠤ ᠪᠠ ᠰᠢᠰᠲ᠋ᠧᠮ ᠲᠠᠢ ᠴᠡᠭᠴᠡᠯᠡᠨ ᠵᠠᠰᠠᠬᠤ᠂ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠠᠷᠪᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ︾ ᠶᠢ ᠬᠡᠷᠡᠭᠵᠢᠭᠦᠯᠬᠦ ᠶᠢ ᠠᠭᠢᠭᠤᠯᠬᠤ ᠬᠡᠷᠡᠭᠲᠡᠢ ︔ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠤ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠠᠳᠬᠤᠵᠤ᠂ ᠰᠡᠳᠬᠢᠯ ᠤᠨ ᠦᠭᠡ ᠪᠠᠨ ᠶᠠᠷᠢᠯᠴᠠᠬᠤ᠂ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾᠂ ᠡᠭᠦᠳᠡ ᠪᠠᠨ ᠨᠡᠭᠡᠭᠡᠵᠦ ᠴᠡᠭᠴᠡᠯᠡᠯᠲᠡ ᠬᠢᠬᠦ᠂ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠤᠨᠢᠨ ᠳᠡᠭᠡᠷ᠎ᠡ ᠨᠢ ᠱᠠᠯᠠᠪᠳᠠᠭᠤᠯᠤᠨ ᠵᠢᠯᠤᠭᠤᠳᠴᠤ᠂ ᠬᠥᠮᠦᠵᠢᠯ ᠴᠡᠭᠴᠡᠯᠡᠯᠲᠡ ᠶᠢ ᠦᠨᠡᠨ ᠬᠦ ᠰᠡᠳᠬᠢᠯ ᠳᠤ ᠪᠠᠨ ᠪᠤᠳᠤᠵᠤ᠂ ᠮᠥᠷᠥᠨ ᠳᠤ ᠪᠠᠨ ᠡᠭᠦᠷᠭᠡᠯᠡᠵᠦ᠂ ᠭᠠᠷ ᠲᠤ ᠪᠠᠨ ᠠᠳᠬᠤᠵᠤ᠂ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠡᠢ᠃

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ