|
ᠦᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠳᠠᠶᠢᠴᠢᠯᠠᠯᠲᠠ ᠶᠢᠨ ᠶᠡᠭᠡ ᠬᠤᠷᠠᠯ ᠪᠤᠭᠤᠲᠤ ᠳᠤ ᠬᠤᠷᠠᠯᠳᠤᠪᠠ |
|
|
ᠨᠡᠶᠢᠲᠡᠯᠡᠭᠰᠡᠨ ᠴᠠᠭ᠄
2021/4/27
|
|
ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠱᠠᠩᠬᠠᠶ ᠬᠤᠲᠠ ᠪᠣᠯᠤᠨ ᠵᠢᠶᠠᠩᠰᠦ ᠮᠤᠵᠢ ᠳᠤ ᠬᠦᠷᠴᠦ ᠰᠤᠷᠤᠯᠴᠠᠵᠤ ᠰᠢᠨᠵᠢᠯᠡᠨ ᠪᠠᠶᠢᠴᠠᠭᠠᠬᠤ ᠠᠵᠢᠯ ᠳᠠᠭᠤᠰᠤᠮᠠᠭᠴᠠ᠂ 4 ᠰᠠᠷ᠎ᠠ ᠶᠢᠨ 21 ᠠᠴᠠ 22 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠠᠷᠤᠢ ᠳᠤᠨᠢ ᠪᠤᠭᠤᠲᠤ ᠬᠤᠲᠠ ᠳᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠵᠥ᠂ ᠰᠤᠷᠤᠯᠴᠠᠵᠥ ᠰᠢᠨᠵᠢᠯᠠᠨ ᠪᠠᠶᠢᠴᠠᠭᠠᠬᠰᠠᠨ ᠲᠥᠷᠥᠭᠳᠡᠯ ᠢᠶᠠᠨ ᠰᠣᠯᠢᠯᠴᠠᠨ᠂ ᠪᠤᠭᠤᠲᠤ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠭᠤᠷᠢᠨ ᠦᠵᠡᠵᠥ᠂ ᠡᠯ᠎ᠡ ᠠᠶᠢᠮᠠᠭ ᠬᠤᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠭᠵᠢᠯᠲᠡ ᠶᠢ ᠰᠦᠪᠡᠭᠴᠢᠯᠡᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠲᠥᠷᠦᠯ ᠵᠦᠢᠯ ᠢ ᠠᠳᠬᠤᠬᠤ ᠴᠢᠩᠭ᠎ᠠ ᠳᠣᠬᠢᠶ᠎ᠠ ᠶᠢ ᠤᠯᠠᠮ ᠨᠢᠬᠡ ᠠᠯᠬᠤᠮ ᠳᠠᠮᠵᠢᠭᠤᠯᠵᠥ᠂ ᠪᠦᠬᠦ ᠣᠷᠣᠨ ᠳᠠᠶᠠᠭᠠᠷ ᠡᠯ᠎ᠡ ᠱᠠᠲᠤᠨ ᠤ ᠬᠢᠨ ᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠵᠢᠷ ᠠᠯᠲᠠᠨ ᠤᠯᠠᠷᠢᠯ ᠢ ᠵᠠᠪᠳᠤᠨ ᠱᠠᠯᠠᠪᠳᠠᠨ ᠬᠥᠳᠡᠯᠦᠯᠴᠡᠵᠥ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠬᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠲᠠᠢ ᠪᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠶᠢ ᠳᠠᠶᠢᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠢ ᠵᠠᠷᠯᠠᠭᠰᠠᠨ ᠪᠥᠭᠡᠳ ᠶᠠᠷᠢᠯᠴᠠᠬᠤ ᠬᠤᠷᠠᠯ ᠳᠡᠭᠡᠷ᠎ᠡ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠮᠧᠩ ᠹᠠᠨ ᠯᠢ᠂ ᠵᠠᠩ ᠶᠤᠸᠠᠨ ᠵᠦᠩ᠂ ᠠᠢ ᠯᠢ ᠬᠤᠸᠠ᠂ ᠮᠠ ᠰᠢᠤᠸᠠᠢ ᠵᠢᠶᠦ᠋ᠨ ᠠᠵᠢᠯᠯᠠᠭ᠎ᠠ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠠᠵᠢᠯᠯᠠᠭ᠎ᠠ ᠶᠢ ᠡᠷᠬᠢᠯᠡᠪᠡ᠃ ᠬᠤᠷᠠᠯ ᠳᠤ ᠣᠷᠣᠯᠴᠠᠭᠰᠠᠳ ᠡᠩ ᠲᠡᠷᠢᠭᠦᠨ ᠳᠤ ᠪᠤᠭᠤᠲᠤ ᠬᠤᠲᠠ ᠶᠢᠨ ᠠᠵᠤ ᠠᠬᠤᠶᠢᠯᠠᠯ᠂ ᠦᠢᠯᠡᠳᠪᠦᠷᠢ ᠶᠢᠨ ᠲᠠᠰᠤᠭ᠂ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠵᠦ᠂ ᠬᠤᠩ ᠶᠤᠸᠠᠨ ᠰᠢᠨ᠎ᠡ ᠮᠠᠲ᠋ᠧᠷᠢᠶᠠᠯ᠂ ᠨᠠᠨ ᠭᠤᠤ ᡂᠢ ᠰᠠᠯᠬᠢᠨ ᠬᠦᠴᠦᠨ ᠤ ᠴᠠᠬᠢᠯᠭᠠᠨ ᠤ ᠠᠷᠠᠭᠠᠲᠤ ᠬᠦᠷᠳᠦᠨ ᠤ ᠬᠠᠶᠢᠷᠴᠠᠭ ᠤᠨ ᠬᠤᠶᠠᠳᠤᠭᠠᠷ ᠬᠤᠭᠤᠴᠠᠭ᠎ᠠ᠂ ᠶᠢᠨ ᠯᠢ ᠲᠣᠭᠲᠠᠮᠠᠯ ᠰᠣᠷᠢᠨᠵᠢᠨ ᠮᠠᠲ᠋ᠧᠷᠢᠶᠠᠯ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠳᠠᠬᠢ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠵᠢᠴᠢ ᠠᠵᠤ ᠦᠢᠯᠡᠰ ᠤᠨ ᠬᠦᠷᠢᠶᠡᠯᠡᠩ᠂ ᠶᠦᠨ ᠱᠧᠩ ᠴᠢᠩᠭ᠎ᠠ ᠰᠣᠷᠢᠨᠵᠢᠨ ᠮᠠᠲ᠋ᠧᠷᠢᠶᠠᠯ ᠤᠨ ᠬᠤᠶᠠᠳᠤᠭᠠᠷ ᠬᠤᠭᠤᠴᠠᠭ᠎ᠠ ᠪᠣᠯᠤᠨ ᠭᠤᠸᠠᠩ ᠸᠧᠶ ᠨᠡᠭᠦᠷᠡᠰᠤᠳᠦ᠋ᠷᠦᠭᠴᠢᠳᠤ ᠰᠢᠷᠬᠡᠭᠯᠢᠭ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠠᠵᠤ ᠦᠢᠯᠡᠰ ᠤᠨ ᠲᠠᠰ ᠳᠠᠪᠰᠢᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠤᠬᠠᠶ ᠶᠢᠨ ᠲᠠᠯᠠᠪᠠᠶ ᠳᠤ ᠲᠣᠭᠤᠷᠢᠨ ᠦᠵᠡᠬᠦ ᠳᠤᠮᠳᠠ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠳᠠᠬᠢ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠤᠨ ᠨᠢᠭᠡᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ᠂ ᠬᠤᠭᠤᠴᠠᠭᠠᠨ ᠳᠤᠮᠳᠠᠬᠢ ᠲᠤᠷᠰᠢᠯᠲᠠ ᠬᠢᠵᠦ ᠪᠠᠶᠢᠭ᠎ᠠ ᠠᠯᠢ ᠤᠯᠠᠨ ᠠᠵᠤ ᠦᠢᠯᠡᠰ ᠤᠨ ᠲᠥᠷᠥᠯ ᠵᠦᠢᠯ ᠨᠢ ᠤᠯᠤᠰ ᠤᠨ ᠳᠣᠲᠣᠭᠠᠳᠤ ᠶᠢᠨ ᠵᠠᠷᠢᠮ ᠠᠵᠤ ᠠᠬᠤᠶᠢᠯᠠᠯ ᠤᠨ ᠬᠠᠮᠳᠤᠷᠠᠨ ᠠᠵᠢᠯᠯᠠᠬᠤ ᠰᠤᠨᠢᠷᠬᠠᠯ ᠢ ᠳᠠᠳᠠᠬᠰᠠᠨ ᠢ ᠣᠶᠢᠯᠠᠭᠠᠭᠰᠠᠨ ᠤ ᠳᠠᠷᠠᠭ᠎ᠠ ᠱᠢ ᠲᠠᠢ ᠹᠧᠩ᠂ ᠠᠵᠤ ᠠᠬᠤᠶᠢᠯᠠᠯ ᠪᠤᠯ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠳᠠᠭ᠂ ᠠᠯᠢ ᠨᠢᠭᠡᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠨᠢ ᠬᠡᠷᠡᠭᠯᠡᠭᠡᠨ ᠳᠤ ᠤᠷᠤᠭᠤᠯᠵᠤ ᠤᠨᠳᠤᠤᠰᠢᠭᠤᠯᠬᠤ ᠳᠠᠯᠳᠠ ᠬᠦᠴᠦᠨ ᠲᠠᠢ ᠪᠠᠶᠢᠬᠤ ᠶᠢ ᠠᠵᠤ ᠠᠬᠤᠢᠢᠯᠠᠯ ᠬᠠᠮᠤᠭ ᠤᠨ ᠰᠡᠷᠭᠡᠭ᠂ ᠬᠠᠮᠤᠭ ᠤᠨ ᠲᠣᠳᠣᠷᠬᠠᠶ ᠮᠡᠳᠡᠵᠦ ᠪᠠᠶᠢᠳᠠᠭ᠃ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠲᠤ ᠬᠠᠨᠳᠤᠭᠤᠯᠤᠨ ᠰᠤᠳᠤᠯᠤᠨ ᠨᠡᠭᠡᠭᠡᠵᠦ᠂ ᠰᠢᠨ᠎ᠡ ᠶᠢ ᠡᠭᠦᠳᠬᠦ ᠬᠡᠯᠬᠢᠶ᠎ᠡ ᠶᠢᠨ ᠲᠣᠭᠤᠷᠢᠨ ᠳᠤ ᠰᠤᠳᠤᠯᠤᠨ ᠨᠡᠭᠡᠭᠡᠵᠦ᠂ ᠨᠠᠩ ᠣᠯᠠᠨ ᠠᠵᠤ ᠠᠬᠤᠶᠢᠯᠠᠯ ᠤᠨ ᠮᠠᠨ ᠤ ᠣᠷᠣᠨ ᠳᠤ ᠢᠷᠡᠵᠦ ᠦᠷ᠎ᠡ ᠪᠦᠲᠦᠭᠡᠯ ᠢᠶᠠᠨ ᠤᠨᠳᠤᠤᠰᠢᠭᠤᠯᠬᠤ ᠶᠢ ᠳᠠᠳᠠᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠤ ᠦᠢᠯᠡᠰ ᠢ ᠲᠥᠪᠯᠡᠷᠡᠭᠦᠯᠬᠦ ᠬᠡᠷᠡᠭᠲᠡᠶ ᠬᠡᠵᠥ ᠵᠢᠭᠠᠵᠥ ᠭᠠᠷᠭᠠᠪᠠ᠃ ᠳᠠᠷᠠᠭ᠎ᠠ ᠨᠢ ᠶᠠᠪᠤᠭᠳᠠᠭᠰᠠᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ᠂ ᠡᠯ᠎ᠡ ᠠᠶᠢᠮᠠᠭ ᠬᠤᠲᠠ ᠶᠢᠨ ᠬᠢᠨ ᠸᠢᠳᠢᠣ᠋ ᠪᠠᠷ ᠬᠤᠯᠪᠤᠭᠳᠠᠬᠤ ᠬᠡᠯᠪᠡᠷᠢ ᠪᠠᠷ 2021 ᠣᠨ ᠤ ᠴᠢᠬᠤᠯᠠ ᠶᠡᠭᠡ ᠲᠥᠷᠥᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠵᠦ᠂ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠢᠯ ᠢ ᠲᠦᠪᠯᠡᠷᠡᠭᠦᠯᠦᠨ ᠠᠵᠢᠯ ᠡᠬᠢᠯᠡᠭᠦᠯᠦᠭᠰᠡᠨ ᠢ ᠵᠠᠷᠯᠠᠪᠠ᠃ ᠲᠡᠷᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠡᠷᠬᠡᠪᠰᠢ ᠪᠣᠳᠠᠲᠠᠢ ᠶᠢ ᠡᠷᠬᠢᠮᠯᠡᠨ ᠯᠠᠪᠳᠠᠭᠤᠨ ᠪᠠᠲᠤᠲᠠᠢ ᠪᠠᠶᠢᠵᠤ᠂ ᠲᠥᠯᠥᠪᠵᠢᠭᠦᠯᠦᠨ ᠠᠬᠢᠭᠤᠯᠤᠭᠰᠠᠨ ᠲᠦᠷᠦᠯ ᠵᠦᠢᠯ ᠢ ᠡᠷᠬᠡᠪᠰᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠨ᠂ ᠶᠠᠭᠠᠬᠢᠭᠰᠠᠨ ᠴᠤ ᠤᠷᠢᠶ᠎ᠠ ᠬᠠᠰᠬᠢᠷᠤᠭᠠᠳ ᠯᠠ᠂ ᠶᠠᠩᠵᠤ ᠦᠵᠡᠭᠦᠯᠦᠭᠡᠳ ᠯᠠ ᠪᠠᠶᠢᠵᠤ ᠪᠣᠯᠬᠤ ᠦᠭᠡᠢ᠃ ᠥᠨᠥᠳᠦᠷ ᠤᠨ ᠡᠯ᠎ᠡ ᠠᠶᠢᠮᠠᠭ ᠬᠤᠲᠠ ᠶᠢᠨ ᠬᠠᠷᠢᠭᠤ ᠮᠡᠳᠡᠭᠦᠯᠦᠭᠰᠡᠨ ᠭᠤᠤᠯᠳᠠᠯᠭ᠎ᠠ ᠲᠠᠢ ᠲᠥᠷᠥᠯ ᠵᠦᠢᠯ ᠢ ᠬᠤᠯᠪᠣᠭᠳᠠᠯ ᠪᠥᠬᠦᠶ ᠲᠠᠯ᠎ᠠ ᠶᠢᠨ ᠬᠢᠨ ᠮᠥᠷᠳᠡᠨ ᠱᠠᠯᠠᠪᠳᠠᠭᠤᠯᠬᠤ ᠪᠠᠨ ᠴᠢᠩᠭᠠᠳᠬᠠᠵᠤ᠂ ᠠᠵᠢᠯ ᠤᠨ ᠲᠤᠰᠬᠠᠶ ᠠᠩᠭᠢ ᠪᠠᠶᠢᠭᠤᠯᠤᠨ ᠮᠥᠷᠳᠡᠨ ᠠᠬᠢᠭᠤᠯᠵᠤ᠂ ᠵᠢᠷᠤᠭ ᠲᠦᠯᠦᠪᠯᠡᠭᠡ ᠲᠤᠭᠳᠠᠭᠠᠨ ᠪᠠᠶᠢᠯᠳᠤᠬᠤ ᠶᠢ ᠪᠠᠷᠢᠮᠲᠠᠯᠠᠵᠤ᠂ ᠨᠠᠷᠢᠨ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠤᠨ᠂ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠪᠡᠶᠡᠯᠡᠭᠦᠯᠵᠦ᠂ ᠬᠠᠷᠢᠭᠤᠴᠠᠯᠭ᠎ᠠ ᠶᠢ ᠠᠶᠢᠮᠠᠭ ᠬᠤᠲᠠ᠂ ᠬᠤᠰᠢᠭᠤ ᠰᠢᠶᠠᠨ ᠪᠣᠯᠤᠨ ᠰᠠᠯᠠᠭ᠎ᠠ ᠮᠥᠴᠢᠷ ᠨᠢᠭᠡᠪᠦᠷᠢ ᠳᠤ ᠦᠨᠡᠨ ᠬᠦ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠤᠭᠴᠤᠭ᠎ᠠ ᠪᠤᠯᠭᠠᠨ ᠢ ᠴᠢᠩᠭ᠎ᠠ ᠠᠳᠬᠤᠨ ᠪᠣᠳᠠᠲᠠᠶ ᠠᠳᠬᠤᠵᠤ᠂ ᠲᠥᠷᠥᠯ ᠵᠦᠢᠯ ᠪᠤᠯᠭᠠᠨ ᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃ 22 ᠤᠨ ᠦᠳᠡ ᠶᠢᠨ ᠬᠤᠶᠢᠨ᠎ᠠ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠭᠤᠤᠯᠳᠠᠯᠭ᠎ᠠ ᠲᠠᠢ ᠦᠭᠡ ᠬᠡᠯᠡᠵᠦ᠂ ᠱᠠᠩᠬᠠᠶ ᠬᠤᠲᠠ ᠪᠣᠯᠤᠨ ᠵᠢᠶᠠᠩᠰᠦ ᠮᠤᠵᠢ ᠳᠤ ᠬᠦᠷᠴᠦ ᠰᠤᠷᠤᠯᠴᠠᠵᠤ ᠰᠢᠨᠵᠢᠯᠡᠨ ᠪᠠᠶᠢᠴᠠᠭᠠᠭᠰᠠᠨ ᠲᠥᠷᠥᠭᠳᠡᠯ ᠢᠶᠠᠨ ᠰᠣᠯᠢᠯᠴᠠᠵᠤ᠂ ᠲᠦᠷᠦᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠪᠠᠶᠢᠭ᠎ᠠ ᠬᠤᠯᠪᠣᠭᠳᠠᠯ ᠪᠥᠬᠦᠶ ᠪᠠᠶᠢᠳᠠᠯ ᠢᠶᠠᠨ ᠬᠠᠷᠢᠭᠤ ᠮᠡᠳᠡᠭᠦᠯᠪᠡ᠃ ᠣᠯᠠᠨ ᠤ ᠬᠡᠯᠡᠬᠦ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ ᠱᠢ ᠲᠠᠢ ᠹᠧᠩ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠶᠢ ᠨᠥᠯᠥᠭᠡᠯᠡᠬᠦ ︽ᠵᠢᠯᠣᠭᠤ︾ ᠮᠥᠨ᠂ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠠᠳ᠂ ᠪᠢᠳᠡᠨ ᠳᠤ ᠲᠤᠯᠭᠠᠷᠠᠬᠤ ᠬᠥᠭᠵᠢᠯᠲᠡ ᠶᠢᠨ ᠪᠠᠶᠢᠳᠠᠯ᠂ ᠬᠥᠭᠵᠢᠯᠲᠡ ᠶᠢᠨ ᠣᠷᠴᠢᠨ᠂ ᠬᠥᠭᠵᠢᠯᠲᠡ ᠶᠢᠨ ᠨᠥᠬᠦᠴᠡᠯ᠂ ᠬᠥᠭᠵᠢᠯᠲᠡ ᠶᠢᠨ ᠱᠠᠭᠠᠷᠳᠠᠯᠭ᠎ᠠ ᠥᠩᠭᠡᠷᠡᠭᠰᠡᠨ ᠲᠠᠢ ᠬᠠᠷᠢᠴᠠᠭᠤᠯᠪᠠᠯ ᠴᠥᠮ ᠶᠡᠭᠡ ᠤᠨᠳᠤᠤ ᠪᠤᠯᠵᠠᠢ᠂ ᠭᠡᠪᠡᠴᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠷᠢ ᠰᠠᠭᠤᠷᠢ ᠪᠣᠯᠤᠨ ᠦᠢᠯᠡᠳᠦᠯ ᠥᠴᠦᠬᠡᠨ ᠴᠦ ᠰᠤᠯᠠᠷᠠᠭᠰᠠᠨ ᠥᠬᠡᠶ᠂ ᠲᠥᠷᠥᠯ ᠵᠦᠢᠯ ᠢ ᠠᠳᠬᠤᠬᠤ ᠶᠢ ᠬᠡᠵᠢᠶ᠎ᠠ ᠴᠤ ᠰᠤᠯᠠᠷᠠᠭᠤᠯᠵᠤ ᠪᠣᠯᠬᠤ ᠥᠬᠡᠶ᠃ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠳᠡ ᠲᠠᠢ ᠪᠠᠶᠢᠬᠤ ᠶᠢ ᠪᠠᠳᠤᠯᠠᠬᠤ ᠳᠤ ᠡᠷᠬᠡᠪᠰᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠣᠳᠠᠲᠠᠶ ᠳᠤ ᠪᠦᠲᠦᠮᠵᠢᠳᠠᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷ ᠢᠯᠠᠩᠭᠤᠶ᠎ᠠ ᠠᠶᠢᠮᠠᠭ ᠬᠤᠲᠠ᠂ ᠬᠤᠰᠢᠭᠤ ᠰᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠪᠥᠬᠦ ᠲᠠᠯ᠎ᠠ ᠶᠢ ᠪᠣᠳᠣᠯᠬᠢᠯᠠᠨ ᠲᠥᠷᠥᠯ ᠵᠦᠢᠯ ᠢ ᠠᠳᠬᠤᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠲᠥᠷᠥᠯ ᠵᠦᠢᠯ ᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠠᠳᠬᠤᠵᠤ᠂ ᠨᠠᠩ ᠥᠨᠳᠥᠷ ᠵᠣᠭᠰᠣᠴᠠ᠂ ᠨᠠᠩ ᠥᠷᠭᠡᠨ ᠬᠠᠷᠠᠭᠠᠰᠤ ᠪᠠ ᠨᠠᠩ ᠴᠢᠩᠭ᠎ᠠ ᠡᠭᠦᠷᠭᠡᠯᠡᠯ ᠢᠶᠠᠷ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠥᠯᠥᠪᠵᠢᠭᠦᠯᠦᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠠᠩᠬᠠᠨ ᠤ ᠠᠯᠬᠤᠮ ᠢ ᠰᠠᠶᠢᠲᠤᠷ ᠠᠯᠬᠤᠨ᠂ ᠰᠢᠨ᠎ᠡ ᠳᠦᠷᠰᠦ ᠪᠠᠶᠢᠳᠠᠯ ᠢ ᠪᠤᠢ ᠪᠤᠯᠭᠠᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠱᠢ ᠲᠠᠢ ᠹᠧᠩ᠂ ᠥᠪᠥᠷ ᠮᠣᠩᠭᠤᠯ ᠤᠨ ᠪᠦᠲᠦᠮᠵᠢᠲᠡᠶ ᠪᠠᠷᠢᠯᠭ᠎ᠠ ᠶᠠᠪᠤᠭᠳᠠᠬᠤ ᠬᠤᠭᠤᠴᠠᠭ᠎ᠠ ᠣᠬᠤᠷ᠂ ᠣᠲᠣ ᠨᠢᠭᠡᠨᠲᠡ ᠬᠤᠶᠠᠳᠤᠭᠠᠷ ᠤᠯᠠᠷᠢᠯ ᠳᠤ ᠣᠷᠣᠪᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠠᠷᠤᠶ ᠲᠦᠷᠭᠡᠨ ᠬᠥᠳᠡᠯᠦᠯᠴᠡᠵᠦ᠂ ᠪᠥᠬᠦ ᠵᠢᠯ ᠤᠨ ᠬᠠᠷᠠᠯᠲᠠ ᠡᠭᠦᠷᠭᠡ ᠳᠤ ᠠᠩᠬᠠᠷᠤᠯ ᠢᠶᠠᠨ ᠬᠠᠨᠳᠤᠭᠤᠯᠵᠤ᠂ ᠠᠵᠢᠯ ᠤᠨ ᠡᠷᠴᠢᠮ ᠢᠶᠠᠨ ᠦᠨᠡᠨ ᠬᠦ ᠴᠢᠩᠭᠠᠷᠠᠭᠤᠯᠤᠨ᠂ ᠪᠥᠲᠥᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠴᠢᠬᠤᠯᠠ ᠶᠡᠭᠡ ᠲᠦᠷᠦᠯ ᠵᠦᠢᠯ ᠤᠨ ᠠᠵᠢᠯ ᠢᠶᠠᠨ ᠡᠬᠢᠯᠡᠭᠦᠯᠤᠨ ᠠᠵᠢᠯ ᠢᠶᠠᠨ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠣᠨ ᠤ ᠲᠥᠯᠥᠪᠯᠡᠭᠡ ᠳᠤ ᠤᠷᠤᠭᠰᠠᠨ ᠰᠢᠨ᠎ᠡ ᠪᠠᠷ ᠠᠵᠢᠯ ᠡᠬᠢᠯᠡᠭᠦᠯᠬᠦ ᠲᠦᠷᠦᠯ ᠵᠦᠢᠯ ᠢ ᠨᠢᠭᠡᠳ ᠨᠢᠭᠡ ᠪᠠᠷ ᠴᠠᠭ ᠤᠨ ᠲᠦᠯᠦᠪᠵᠢᠭᠦᠯᠭᠡ ᠲᠤᠭᠳᠠᠭᠠᠨ ᠦᠭᠴᠤ᠂ ᠭᠠᠵᠠᠷ ᠰᠢᠷᠣᠢ᠂ ᠪᠡᠯᠡ ᠮᠥᠩᠭᠦ ᠵᠡᠷᠭᠡ ᠪᠦᠳᠦᠭᠡᠨ ᠪᠠᠶᠢᠭᠤᠯᠤᠯᠲᠠ ᠶᠢᠨ ᠨᠥᠬᠦᠴᠡᠯ ᠢ ᠱᠠᠯᠠᠪᠳᠠᠨ ᠨᠠᠶᠢᠳᠠᠪᠤᠷᠢᠵᠢᠭᠤᠯᠵᠤ᠂ ᠠᠵᠢᠯ ᠡᠬᠢᠯᠡᠬᠦ ᠴᠠᠭ ᠢᠶᠠᠷ ᠠᠵᠢᠯ ᠤᠨ ᠠᠬᠢᠴᠠ ᠶᠢ ᠭᠡᠳᠡᠷᠬᠦ ᠰᠢᠬᠠᠮᠳᠠᠭᠤᠯᠤᠨ᠂ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠡᠬᠢᠯᠡᠭᠦᠯᠵᠦ᠂ ᠦᠨᠡᠨ ᠪᠣᠳᠠᠲᠠᠢ ᠠᠵᠢᠯ ᠢᠶᠠᠨ ᠡᠬᠢᠯᠡᠭᠦᠯᠬᠦ ᠶᠢ ᠪᠠᠲᠤᠯᠠᠬᠤ ᠬᠡᠷᠡᠭᠲᠡᠢ︔ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠰᠡᠷᠭᠦᠭᠡᠵᠦ ᠳᠡᠶᠢᠯᠬᠦ ᠪᠦᠲᠦᠭᠡᠨ ᠪᠠᠶᠢᠭᠤᠯᠤᠯᠳᠠ ᠶᠢᠨ ᠬᠤᠭᠤᠴᠠᠭ᠎ᠠ ᠪᠠ ᠦᠷᠭᠦᠯᠵᠢᠯᠡᠨ ᠪᠦᠲᠦᠭᠡᠨ ᠪᠠᠶᠢᠭᠤᠯᠬᠤ ᠬᠤᠭᠤᠴᠠᠭᠠᠨ ᠳᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠶᠢᠨ ᠬᠤᠭᠤᠴᠠᠭ᠎ᠠ ᠶᠢ ᠵᠣᠬᠢᠰᠲᠠᠢ ᠲᠤᠬᠢᠷᠠᠭᠤᠯᠵᠤ᠂ ᠪᠠᠷᠢᠯᠭ᠎ᠠ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠡᠵᠡᠮᠳᠡᠨ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ ᠪᠠᠷᠢᠯᠭ᠎ᠠ ᠳᠠᠭᠤᠰᠬᠠᠵᠤ ᠠᠰᠢᠡᠡᠯᠠᠯᠳᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠪᠣᠳᠠᠲᠠᠶ ᠠᠰᠠᠭᠤᠳᠠᠯ ᠢ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠵᠤᠬᠢᠴᠠᠭᠤᠯᠬᠤ ᠪᠠᠨ ᠴᠢᠩᠭᠠᠳᠬᠠᠨ᠂ ᠣᠨᠣᠴᠠᠳᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠱᠠᠯᠠᠪᠳᠠᠨ ᠰᠢᠢᠳᠪᠦᠷᠢᠯᠡᠬᠦ ᠬᠡᠷᠡᠭᠲᠡᠶ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠣᠨᠣᠴᠠᠲᠠᠢ ᠪᠦᠲᠦᠮᠵᠢᠲᠡᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠵᠦ ᠬᠦᠴᠦᠷᠬᠡᠭᠵᠢᠭᠦᠯᠬᠦ ᠶᠢ ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠨ᠂ ᠠᠵᠤ ᠦᠢᠯᠡᠰ ᠤᠨ ᠬᠡᠯᠬᠢᠶ᠎ᠡ᠂ ᠦᠷᠳᠡᠭ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠳᠤ ᠨᠡᠶᠢᠴᠡᠭᠦᠯᠦᠨ ᠲᠤᠮᠤ ᠲᠦᠷᠦᠯ ᠵᠦᠢᠯ ᠢ ᠤᠷᠢᠨ ᠠᠪᠴᠢᠷᠠᠵᠤ᠂ ᠲᠦᠷᠦᠯ ᠵᠦᠢᠯ ᠢ ᠰᠠᠶᠢᠲᠤᠷ ᠣᠷᠣᠭᠤᠯᠤᠨ ᠠᠪᠴᠢᠷᠠᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠢ ᠤᠷᠢᠬᠤ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠢ ᠬᠦᠲᠦᠯᠦᠨ ᠳᠠᠭᠠᠭᠤᠯᠬᠤ ᠶᠢ ᠨᠡᠩ ᠴᠢᠬᠤᠯᠠᠴᠢᠯᠠᠨ᠂ ᠠᠵᠤ ᠦᠢᠯᠡᠰ ᠤᠨ ᠬᠡᠯᠬᠢᠶ᠎ᠠ ᠶᠢᠨ ᠡᠯ᠎ᠠ ᠱᠠᠲᠤᠨ ᠳᠤ ᠤᠷᠤᠰᠢᠬᠤ ᠠᠵᠤ ᠠᠬᠤᠶᠢᠯᠠᠯ ᠢ ᠳᠠᠳᠠᠨ ᠠᠪᠴᠢᠷᠠᠵᠤ ᠲᠦᠪᠯᠡᠷᠡᠭᠦᠯᠦᠨ ᠪᠦᠯᠬᠦᠮ ᠪᠠᠶᠢᠭᠤᠯᠬᠤ ᠬᠡᠯᠪᠡᠷᠢ ᠪᠠᠷ ᠪᠡᠯᠡ ᠤᠷᠤᠭᠤᠯᠤᠨ᠂ ᠪᠦᠯᠦᠭᠯᠡᠬᠦ ᠮᠠᠶ᠋ᠢᠭ ᠢᠶᠠᠷ ᠬᠦᠭᠵᠢᠭᠦᠯᠬᠦ ᠬᠡᠷᠡᠭᠲᠡᠢ᠃ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠵᠤ ᠠᠪᠴᠢᠷᠠᠬᠤ ᠳᠠᠭᠠᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠭᠤᠤᠯᠳᠠᠯᠭ᠎ᠠ ᠶᠢ ᠳᠣᠪᠤᠶᠢᠯᠭᠠᠨ᠂ ᠤᠨᠤᠴᠠᠳᠠᠢ ᠠᠵᠢᠯᠯᠠᠵᠤ᠂ ᠣᠷᠣᠭᠤᠯᠵᠤ ᠠᠪᠴᠢᠷᠠᠭᠰᠠᠨ ᠤ ᠳᠠᠷᠠᠭ᠎ᠠ ᠠᠮᠠᠯᠠᠯᠲᠠ ᠪᠠᠨ ᠭᠦᠢᠴᠡᠳᠬᠡᠵᠦ᠂ ᠨᠢᠭᠡ ᠶᠢ ᠠᠳᠬᠤᠪᠠᠯ ᠨᠢᠭᠡ ᠶᠢ ᠪᠦᠲᠦᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠡᠷ᠎ᠡ ᠲᠣᠭᠲᠠᠭᠰᠠᠨ ᠲᠥᠷᠥᠯ ᠵᠦᠢᠯ ᠤᠨ ᠦᠷ᠎ᠡ ᠪᠦᠲᠦᠮᠵᠢ ᠶᠢ ᠮᠥᠷᠳᠡᠨ ᠠᠰᠠᠭᠤᠬᠤ᠂ ᠦᠢᠯᠡᠴᠢᠯᠡᠭᠡ ᠪᠠᠲᠤᠯᠠᠭ᠎ᠠ ᠬᠠᠩᠭᠠᠬᠤ ᠶᠢ ᠴᠢᠩᠭᠠᠳᠬᠠᠵᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠪᠠᠷᠢᠯᠭ᠎ᠠ ᠡᠬᠢᠯᠡᠬᠦᠯᠵᠤ᠂ ᠡᠷᠲᠡᠬᠡᠨ ᠦᠢᠯᠡᠳᠪᠦᠷᠢᠯᠡᠯ ᠡᠬᠢᠯᠡᠭᠦᠯᠵᠦ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠡᠯ᠎ᠡ ᠭᠠᠵᠠᠷ ᠤᠨ ᠬᠢᠨ ᠲᠤᠰ ᠪᠡᠶ᠎ᠡ ᠶᠢᠨ ᠴᠢᠳᠠᠮᠵᠢ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠪᠡᠯᠡ ᠣᠷᠣᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠦᠲᠦᠴᠡ ᠶᠢᠨ ᠴᠢᠨᠠᠷᠲᠠᠢ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠴᠠᠭ ᠤᠨ ᠪᠠᠶᠢᠳᠠᠯ ᠬᠠᠨᠳᠤᠰᠢ ᠳᠤ ᠵᠤᠬᠢᠴᠠᠭᠤᠯᠤᠨ ᠲᠦᠷᠦᠯ ᠵᠦᠢᠯ ᠤᠨ ᠨᠥᠭᠡᠴᠡᠯᠡᠯᠲᠡ ᠶᠢᠨ ᠭᠤᠣᠯ ᠰᠢᠪᠲᠤᠯᠤᠯᠲᠠ ᠶᠢᠨ ᠴᠢᠭᠯᠡᠯ ᠢᠶᠠᠨ ᠳᠤᠬᠢᠷᠠᠭᠤᠯᠤᠨ ᠰᠢᠯᠢᠳᠡᠭᠵᠢᠭᠦᠯᠵᠦ᠂ ᠤᠯᠤᠰ ᠤᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠴᠢᠩᠭ᠎ᠠ ᠳᠠᠭᠠᠵᠤ᠂ ᠲᠦᠷᠦᠯ ᠵᠦᠢᠯ ᠢ ᠲᠥᠰᠦᠪᠯᠡᠬᠦ ᠪᠠᠨ ᠴᠢᠩᠭᠠᠳᠬᠠᠨ᠂ ᠲᠦᠷᠦᠯ ᠵᠦᠢᠯ ᠤᠨ ᠪᠠᠷᠢᠮᠵᠢᠶ᠎ᠠ ᠶᠢ ᠴᠢᠩᠭ᠎ᠠ ᠡᠵᠡᠮᠳᠡᠵᠤ᠂ ᠰᠠᠭᠤᠷᠢ ᠶᠢ ᠪᠠᠬᠢᠵᠢᠭᠦᠯᠬᠦ᠂ ᠠᠯᠤᠰ ᠬᠡᠳᠤ ᠳᠤ ᠠᠰᠢᠭᠲᠠᠢ᠂ ᠨᠥᠭᠡᠴᠡ ᠬᠦᠴᠦᠨ ᠢ ᠨᠡᠮᠡᠭᠳᠡᠭᠦᠯᠬᠦ ᠴᠢᠬᠤᠯᠠ ᠶᠡᠭᠡ ᠲᠦᠷᠦᠯ ᠵᠦᠢᠯ ᠤᠳ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠨᠥᠭᠡᠴᠡᠯᠡᠵᠦ᠂ ᠨᠢᠭᠡ ᠪᠦᠯᠦᠭ ᠨᠥᠭᠡᠴᠡᠯᠡᠪᠡᠯ᠂ ᠨᠢᠭᠡ ᠪᠦᠯᠦᠭ ᠢ ᠠᠵᠢᠯ ᠡᠬᠢᠯᠡᠭᠦᠯᠤᠨ᠂ ᠨᠢᠭᠡ ᠪᠦᠯᠦᠭ ᠢ ᠪᠦᠳᠦᠭᠡᠨ ᠪᠠᠶᠢᠭᠤᠯᠵᠤ᠂ ᠨᠢᠭᠡ ᠪᠦᠯᠦᠭ ᠢ ᠪᠠᠷᠢᠯᠭ᠎ᠠ ᠳᠠᠭᠤᠰᠬᠠᠬᠤ ᠴᠦᠷᠭᠡᠯᠡᠭᠡ ᠪᠠᠶᠢᠷᠢᠰᠢᠯ ᠪᠦᠷᠢᠯᠳᠦᠭᠦ ᠶᠢ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ ᠱᠢ ᠲᠠᠢ ᠹᠧᠩ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠮᠠᠰᠢ ᠴᠢᠬᠤᠯᠠ ᠶᠤᠮ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠡᠷᠬᠢᠯᠳᠡ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠭᠡ ᠪᠠᠲᠤᠯᠠᠭ᠎ᠠ ᠬᠠᠩᠭᠠᠬᠤ ᠪᠠᠷ ᠭᠤᠤᠯ ᠡᠭᠦᠷᠭᠡ ᠪᠣᠯᠭᠠᠨ᠂ ᠡᠯ᠎ᠡ ᠲᠥᠷᠥᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠳᠤ ᠡᠷᠬᠡ ᠲᠡᠭᠰᠢ ᠪᠠᠷ ᠬᠠᠨᠳᠤᠵᠤ᠂ ᠬᠦᠴᠤᠨ ᠢᠶᠠᠨ ᠲᠥᠪᠯᠡᠷᠡᠭᠦᠯᠦᠨ ᠠᠵᠤ ᠠᠬᠤᠶᠢᠯᠠᠯ ᠤᠨ ᠲᠤᠰᠬᠠᠭᠰᠠᠨ ᠪᠣᠳᠠᠲᠠᠶ ᠬᠦᠴᠢᠷᠳᠡᠯ ᠪᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠥᠬᠦ ᠲᠠᠯ᠎ᠠ ᠶᠢᠨ ᠪᠥᠬᠦ ᠦᠶᠡᠯᠡᠯ ᠤᠨ ᠬᠤᠭᠤᠴᠠᠭᠠᠨ ᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠪᠠᠷ ᠬᠦᠴᠦᠯᠡᠨ ᠴᠢᠷᠮᠠᠶᠢᠵᠤ᠂ ᠠᠵᠤ ᠠᠬᠤᠶᠢᠯᠠᠯ ᠢ ᠬᠠᠯᠠᠮᠵᠢᠯᠠᠬᠤ᠂ ᠠᠵᠤ ᠠᠬᠤᠶᠢᠯᠠᠯ ᠳᠤ ᠦᠢᠯᠡᠴᠢᠯᠡᠬᠦ᠂ ᠠᠵᠤ ᠠᠬᠤᠶᠢᠯᠠᠯ ᠢ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠬᠤ ᠬᠡᠷᠡᠭᠲᠡᠶ᠃ ᠲᠦᠷᠦᠯ ᠵᠦᠢᠯ ᠢ ᠲᠥᠰᠦᠪᠯᠡᠵᠦ ᠲᠦᠷᠦᠯ ᠵᠦᠢᠯ ᠢ ᠠᠳᠬᠤᠬᠤ ᠳᠠᠭᠠᠨ ᠡᠷᠬᠡᠪᠰᠢ ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠴᠠᠭ᠎ᠠ ᠶᠢ ᠰᠠᠶᠢᠳᠦᠷ ᠨᠢᠭᠡᠳᠦᠯᠲᠡᠢ ᠲᠥᠯᠥᠪᠵᠢᠭᠦᠯᠵᠦ᠂ ᠬᠢᠬᠦ ᠴᠢᠬᠤᠯᠠᠲᠠᠢ ᠶᠢ ᠨᠢ ᠡᠷᠬᠡᠪᠰᠢ ᠰᠠᠶᠢᠲᠤᠷ ᠬᠢᠵᠤ᠂ ᠬᠢᠵᠦ ᠪᠤᠯᠬᠤ ᠦᠭᠡᠢ ᠶᠢ ᠬᠡᠷᠬᠢᠪᠡᠴᠤ ᠬᠢᠬᠦ ᠦᠬᠡᠢ ᠪᠠᠶᠢᠵᠤ᠂ ᠶᠠᠭᠠᠬᠢᠭᠰᠠᠨ ᠴᠤ ᠲᠠᠷᠢᠬᠢ ᠲᠣᠯᠣᠭᠠᠢ ᠬᠥᠭᠡᠷᠴᠦ ᠰᠣᠬᠤᠷ ᠪᠠᠯᠠᠢ ᠪᠠᠷ ᠠᠵᠢᠯᠯᠠᠵᠤ ᠪᠣᠯᠬᠤ ᠦᠭᠡᠢ᠂ ᠶᠠᠭᠠᠬᠢᠭᠰᠠᠨ ᠴᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠠᠴᠠ ᠰᠠᠯᠤᠩᠬᠢᠷᠠᠬᠤ᠂ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠠᠴᠠ ᠬᠡᠳᠦᠷᠡᠭᠦᠯᠬᠦ ᠠᠵᠢᠯ ᠢ ᠬᠢᠵᠦ ᠪᠣᠯᠬᠤ ᠦᠭᠡᠢ᠃ ᠡᠨᠧᠷᠭᠢ ᠬᠡᠷᠡᠭᠯᠡᠬᠦ ᠲᠥᠰᠦᠪ ᠵᠡᠷᠭᠡ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠡᠨᠧᠷᠭᠢ ᠶᠢᠨ ᠬᠡᠷᠡᠭᠯᠡᠭᠡᠨ ᠤ ᠬᠦᠴᠦᠯᠡᠴᠡ ᠢᠯᠠᠩᠭᠤᠶ᠎ᠠ ᠴᠢᠯᠠᠭᠤᠵᠢᠮᠠᠯ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢ ᠦᠨᠡᠯᠡᠨ ᠬᠢᠨᠠᠨ ᠰᠢᠯᠭᠠᠬᠤ ᠵᠢᠴᠢ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ᠰᠣᠬᠤᠷ ᠪᠠᠯᠠᠢ ᠪᠠᠷ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠲᠦᠷᠦᠯ ᠵᠦᠢᠯ ᠢ ᠰᠢᠨ᠎ᠡ ᠪᠠᠷ ᠭᠠᠷᠭᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠦᠨᠡᠨ ᠪᠣᠳᠠᠲᠠᠢ ᠠᠵᠤ ᠠᠬᠤᠢ ᠶᠢᠨ ᠠᠵᠢᠯ ᠮᠥᠨ᠂ ᠬᠦᠯᠢᠶᠡᠵᠦ ᠪᠣᠯᠬᠤ ᠦᠭᠡᠢ᠂ ᠤᠳᠠᠭᠠᠰᠢᠷᠠᠭᠤᠯᠵᠤ ᠪᠣᠯᠬᠤ ᠦᠭᠡᠢ᠂ ᠨᠡᠩ ᠴᠤ ᠥᠴᠦᠬᠡᠨ ᠴᠦ ᠬᠡᠶᠢᠰᠪᠦᠷᠢ ᠪᠠᠶᠢᠵᠤ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠯᠠᠪᠳᠠᠭᠤᠨ ᠪᠠᠲᠤᠲᠠᠶ ᠠᠳᠬᠤᠵᠤ᠂ ᠦᠨᠡᠨ ᠪᠣᠳᠠᠲᠠᠶ ᠠᠵᠢᠯᠯᠠᠵᠤ᠂ ᠲᠥᠯᠥᠪᠵᠢᠭᠦᠯᠭᠡ ᠶᠢᠨ ᠲᠥᠷᠥᠯ ᠵᠦᠢᠯ ᠢ ᠨᠥᠭᠡᠴᠡᠯᠡᠬᠦ ᠶᠢ ᠠᠳᠬᠤᠬᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠪᠠᠷᠢᠯᠭ᠎ᠠ ᠡᠬᠢᠯᠡᠭᠦᠯᠬᠦ ᠶᠢ ᠠᠳᠬᠤᠬᠤ᠂ ᠪᠥᠲᠥᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠬᠢᠴᠠ ᠶᠢ ᠠᠳᠬᠤᠬᠤ᠂ ᠪᠠᠶᠢᠭᠤᠯᠵᠤ ᠳᠠᠭᠤᠰᠤᠭᠰᠠᠨ ᠲᠥᠷᠥᠯ ᠵᠦᠢᠯ ᠢ ᠠᠰᠢᠡᠡᠯᠠᠯᠳᠠ ᠳᠤ ᠤᠷᠤᠭᠤᠯᠬᠤ ᠶᠢ ᠠᠳᠬᠤᠬᠤ ᠱᠠᠭᠠᠷᠳᠠᠯᠭ᠎ᠠ ᠶᠣᠰᠣᠭᠠᠷ᠂ ᠨᠢᠭᠡᠳᠦᠯᠲᠡᠶ ᠲᠥᠯᠥᠪᠵᠢᠭᠦᠯᠦᠨ ᠵᠤᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠂ ᠴᠠᠭ ᠮᠥᠴᠡ ᠲᠠᠢ ᠤᠷᠤᠯᠳᠤᠨ᠂ ᠴᠠᠭ ᠢ ᠠᠮᠵᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠤᠷᠤᠭᠰᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠠᠶᠢᠮᠠᠭ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃
|
|
ᠢᠷᠡᠯᠲᠡ᠄
ᠦᠪᠦᠷ ᠮᠣᠩᠭᠤᠯ ᠤᠨ ᠡᠳᠦᠷ ᠤᠨ ᠰᠣᠨᠢᠨ
|