|
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠰᠢᠶᠠᠨ ᠤ ᠬᠡᠪᠴᠢᠶᠡᠨ ᠤ ᠬᠤᠳᠠᠯᠳᠤᠭᠠᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠢ ᠪᠠᠶᠢᠷᠢᠯᠠᠭᠤᠯᠪᠠ |
|
|
ᠨᠡᠶᠢᠲᠡᠯᠡᠭᠰᠡᠨ ᠴᠠᠭ᠄
2021/4/28
|
|
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠦᠢᠯᠭᠡᠭᠡ ᠶᠢ ᠰᠠᠭᠠᠳ ᠥᠬᠡᠶ ᠨᠡᠪᠲᠡᠷᠡᠭᠦᠯᠬᠦ ᠪᠠ ᠲᠠᠷᠢᠶᠠᠴᠢᠳ ᠤᠨ ᠣᠷᠣᠯᠭ᠎ᠠ ᠬᠥᠳᠡᠭᠡ ᠲᠣᠰᠬᠤᠨ ᠤ ᠬᠡᠷᠡᠭᠯᠡᠭᠡ ᠶᠢ ᠵᠡᠷᠭᠡ ᠪᠠᠷ ᠳᠡᠭᠡᠭᠰᠢᠯᠡᠭᠦᠯᠬᠦ ᠶᠢ ᠠᠬᠢᠭᠤᠯᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠲᠣᠭᠲᠠᠭᠠᠵᠤ ᠠᠳᠠᠯ ᠦᠢᠯᠡᠰ ᠪᠣᠰᠬᠠᠵᠤ ᠰᠢᠨ᠎ᠡ ᠶᠢ ᠡᠭᠦᠳᠬᠦ ᠳᠤ ᠨᠠᠩ ᠲᠥᠬᠦᠮ ᠦᠵᠡᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠪᠡ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ
ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 27 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠦᠢᠯᠭᠡᠭᠡ ᠶᠢ ᠰᠠᠭᠠᠳ ᠥᠬᠡᠶ ᠨᠡᠪᠲᠡᠷᠡᠭᠦᠯᠬᠦ ᠪᠠ ᠲᠠᠷᠢᠶᠠᠴᠢᠳ ᠤᠨ ᠣᠷᠣᠯᠭ᠎ᠠ ᠬᠥᠳᠡᠭᠡ ᠲᠣᠰᠬᠤᠨ ᠤ ᠬᠡᠷᠡᠭᠯᠡᠭᠡ ᠶᠢ ᠵᠡᠷᠭᠡ ᠪᠠᠷ ᠳᠡᠭᠡᠭᠰᠢᠯᠡᠭᠦᠯᠬᠦ ᠶᠢ ᠠᠬᠢᠭᠤᠯᠪᠠ︔ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠲᠣᠭᠲᠠᠭᠠᠵᠤ᠂ ᠠᠳᠠᠯ ᠦᠢᠯᠡᠰ ᠪᠣᠰᠬᠠᠵᠤ ᠰᠢᠨ᠎ᠡ ᠶᠢ ᠡᠭᠦᠳᠬᠦ ᠳᠤ ᠨᠠᠩ ᠲᠥᠬᠦᠮ ᠦᠵᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠪᠡ︔ ︽5.1︾ ᠤ ᠠᠮᠠᠷᠠᠯᠲᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ᠃ ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠰᠢᠶᠠᠨ ᠤ ᠬᠡᠪᠴᠢᠶᠡᠨ ᠤ ᠬᠡᠷᠡᠭᠯᠡᠭᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠬᠡᠷᠡᠭᠯᠡᠭᠡ ᠶᠢ ᠠᠬᠢᠭᠤᠯᠬᠤ ᠪᠣᠯ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠴᠢᠬᠤᠯᠠ ᠠᠷᠭ᠎ᠠ ᠬᠡᠮᠵᠢᠶ᠎ᠡ ᠪᠠᠶᠢᠵᠤ᠂ ᠡᠨᠡ ᠨᠢ ᠯᠤᠲᠤ ᠶᠡᠭᠡ ᠳᠠᠯᠳᠠ ᠬᠦᠴᠦᠨ ᠲᠠᠢ ᠶᠤᠮ ᠭᠡᠵᠡᠢ᠃ ᠨᠢᠭᠡ ᠳᠤ᠂ ᠰᠢᠶᠠᠨ ᠤ ᠬᠡᠪᠴᠢᠶ᠎ᠡ ᠶᠢ ᠬᠥᠳᠡᠭᠡ ᠲᠣᠰᠬᠤᠨ ᠤ ᠬᠤᠳᠠᠯᠳᠤᠭᠠᠨ ᠤ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠴᠢᠬᠤᠯᠠ ᠭᠠᠷᠳᠠᠴᠠ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠶᠠᠨ ᠤ ᠬᠤᠳᠠ ᠶᠢᠨ ᠬᠤᠳᠠᠯᠳᠤᠭᠠᠨ ᠤ ᠪᠡᠯᠡᠳᠬᠡᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠲᠡᠮᠵᠢᠵᠤ᠂ ᠰᠢᠶᠠᠨ ᠰᠢᠶᠠᠩ ᠭᠠᠴᠠᠭᠠᠨ ᠤ ᠬᠤᠳᠠᠯᠳᠤᠭᠠᠨ ᠤ ᠲᠣᠣᠷ ᠰᠦᠯᠵᠢᠶ᠎ᠡ ᠶᠢᠨ ᠬᠡᠯᠬᠢᠶᠡᠵᠢᠯ ᠢ ᠠᠬᠢᠭᠤᠯᠬᠤ ᠬᠡᠷᠡᠭᠲᠡᠢ᠃ ᠨᠥᠬᠦᠴᠡᠯ ᠲᠠᠢ ᠰᠢᠶᠠᠩ ᠪᠠᠯᠭᠠᠰᠤ ᠶᠢᠨ ᠪᠠᠷᠠᠭ᠎ᠠ ᠬᠤᠳᠠᠯᠳᠤᠭᠠᠯᠠᠬᠤ᠂ ᠨᠠᠭᠠᠳᠤᠨ ᠵᠤᠭᠠᠯᠠᠬᠤ᠂ ᠲᠣᠭᠤᠷᠢᠨ ᠰᠡᠯᠡᠭᠦᠴᠡᠬᠦ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠭᠰᠠᠨ ᠠᠷᠠᠯᠵᠢᠶ᠎ᠠ ᠬᠤᠳᠠᠯᠳᠤᠭᠠᠨ ᠤ ᠲᠥᠪ ᠪᠠᠶᠢᠭᠤᠯᠬᠤ ᠶᠢ ᠳᠡᠮᠵᠢᠵᠦ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠲᠦᠬᠦᠮ ᠬᠤᠳᠠᠯᠳᠤᠭ᠎ᠠ ᠳᠡᠯᠭᠡᠭᠦᠷ ᠢ ᠬᠥᠭᠵᠢᠭᠦᠯᠬᠦ ᠬᠡᠷᠡᠭᠲᠡᠢ᠃ ᠬᠤᠶᠠᠷ ᠲᠤ᠂ ᠠᠵᠤ ᠠᠬᠤᠶᠢᠯᠠᠯ ᠤᠳ ᠤᠨ ᠲᠠᠷᠢᠶᠠᠴᠢᠳ ᠤᠨ ᠬᠡᠷᠡᠭᠴᠡᠭᠡ ᠳᠤ ᠳᠣᠭᠢᠷᠬᠠᠰᠠᠨ ᠦᠢᠯᠡᠳᠬᠦᠨ ᠪᠠ ᠦᠢᠯᠡᠴᠢᠯᠡᠭᠡ ᠶᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ᠂ ᠰᠡᠯᠡᠭᠦᠴᠡᠯ ᠲᠠᠷᠢᠶᠠᠯᠠᠩ ᠵᠡᠷᠭᠡ ᠶᠢᠨ ᠬᠥᠭᠵᠢᠯᠲᠡ ᠶᠢ ᠳᠡᠮᠵᠢᠵᠦ᠂ ᠬᠤᠲᠠ ᠶᠢᠨ ᠰᠠᠭᠤᠭᠠᠯᠢ ᠠᠷᠠᠳ ᠤᠨ ᠬᠥᠳᠡᠭᠡ ᠪᠠᠭᠤᠵᠤ ᠬᠡᠷᠡᠭᠯᠡᠭᠡ ᠬᠢᠬᠦ ᠶᠢ ᠲᠠᠲᠠᠬᠤ ᠬᠡᠷᠡᠭᠲᠡᠢ᠃ ᠭᠤᠷᠪᠠ ᠳᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠲᠦᠷᠭᠡᠳᠬᠡᠨ ᠠᠬᠢᠭᠤᠯᠵᠤ᠂ ᠭᠠᠷᠤᠯᠲᠠ ᠶᠢᠨ ᠣᠷᠣᠨ ᠤ ᠲᠤᠰᠬᠠᠢ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠳᠡᠮᠵᠢᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠲᠠᠷᠢᠶᠠᠴᠢᠨ ᠡᠷᠦᠬᠡ ᠪᠣᠯᠤᠨ ᠵᠠᠬ᠎ᠠ ᠳᠡᠯᠭᠡᠭᠦᠷ ᠢ ᠪᠦᠲᠦᠮᠵᠢᠲᠡᠢ ᠵᠣᠯᠭᠠᠯᠳᠤᠭᠤᠯᠬᠤ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠤᠨ ᠪᠠᠭᠠᠵᠢ ᠬᠡᠷᠡᠭᠰᠡᠯ ᠢ ᠰᠢᠭᠤᠳ ᠬᠠᠩᠭᠠᠵᠤ ᠰᠢᠭᠤᠳ ᠪᠣᠷᠣᠯᠠᠭᠤᠯᠬᠤ᠂ ᠬᠡᠯᠬᠢᠶᠡᠵᠢᠭᠦᠯᠦᠨ ᠡᠵᠡᠩᠨᠡᠬᠦ᠂ ᠨᠢᠭᠡᠳᠦᠯᠲᠡᠶ ᠲᠣᠬᠢᠷᠠᠭᠤᠯᠤᠨ ᠬᠦᠷᠭᠡᠬᠦ ᠶᠢ ᠬᠥᠭᠵᠢᠭᠦᠯᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠦᠢᠲᠡᠨ ᠢᠶᠠᠷ ᠬᠠᠳᠠᠭᠠᠯᠠᠵᠤ ᠰᠣᠷᠭᠤᠭ ᠢ ᠪᠠᠲᠤᠯᠠᠬᠤ᠂ ᠪᠣᠯᠪᠠᠰᠤᠷᠠᠭᠤᠯᠤᠨ ᠡᠳ᠋ᠰᠢᠭᠦᠯᠬᠦ ᠵᠡᠷᠭᠡ ᠦᠢᠯᠡᠴᠢᠯᠡᠭᠡ ᠶᠢ ᠬᠥᠭᠵᠢᠭᠦᠯᠬᠦ ᠬᠡᠷᠡᠭᠲᠡᠢ᠃ ᠲᠠᠷᠢᠶᠠᠴᠢᠳ ᠤᠨ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠬᠦ ᠬᠡᠷᠡᠭᠲᠡᠢ᠃ ᠲᠦᠷᠪᠡ ᠳᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ᠂ ᠮᠥᠩᠭᠦᠨ ᠭᠦᠢᠯᠭᠡᠭᠡ ᠵᠡᠷᠭᠡ ᠳᠤ ᠦᠵᠡᠭᠦᠯᠬᠦ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠲᠡᠭᠦᠯᠳᠡᠷᠵᠢᠭᠦᠯᠬᠦ ᠬᠡᠷᠡᠭᠲᠡᠢ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠡᠯᠡᠳᠬᠡᠮᠵᠢ᠂ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠭᠦᠢᠯᠭᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠣᠭᠤᠯᠤᠯᠲᠠ ᠬᠢᠵᠦ ᠪᠠᠲᠤᠯᠠᠬᠤ ᠬᠡᠪᠴᠢᠶᠡᠨ ᠳᠤ ᠣᠷᠣᠭᠤᠯᠵᠤ᠂ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠲᠡᠭᠡᠭᠡᠪᠦᠷᠢᠯᠡᠬᠦ ᠳᠤ ᠲᠦᠷᠭᠡᠨ ᠨᠡᠪᠲᠡᠷᠡᠬᠦ᠂ ᠲᠡᠷᠭᠡ ᠬᠥᠰᠬᠡ ᠶᠢᠨ ᠨᠡᠪᠲᠡᠷᠡᠬᠦ ᠵᠠᠷᠤᠳᠠᠯ ᠢ ᠬᠠᠰᠤᠵᠤ ᠭᠡᠯᠲᠦᠷᠢᠭᠦᠯᠬᠦ ᠵᠡᠷᠭᠡ ᠳᠡᠮᠵᠢᠯᠡᠭᠡ ᠶᠢ ᠬᠦᠷᠲᠡᠭᠡᠬᠦ ᠬᠡᠷᠡᠭᠲᠡᠢ᠃ ᠲᠠᠪᠤ ᠳᠤ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠᠯ ᠬᠠᠭᠤᠷᠮᠠᠭ ᠴᠢᠨᠠᠷ ᠮᠠᠭᠤ ᠪᠦᠲᠦᠭᠡᠭᠳᠡᠬᠦᠨ ᠦᠢᠯᠡᠳᠴᠦ ᠪᠣᠷᠣᠯᠠᠭᠤᠯᠬᠤ ᠵᠡᠷᠭᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠬᠦᠷᠢᠶᠡᠨ ᠳᠠᠬᠢ ᠵᠤᠬᠢᠰ ᠦᠭᠡᠢ ᠲᠣᠭᠲᠠᠭᠠᠯ ᠢ ᠱᠠᠯᠠᠪᠳᠠᠨ ᠢᠯᠭᠠᠨ ᠴᠡᠪᠡᠷᠯᠡᠵᠦ᠂ ᠳᠤᠷ᠎ᠠ ᠪᠠᠷ ᠵᠣᠭᠤᠰ ᠲᠣᠷᠭᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ ᠭᠡᠵᠡᠢ᠃ ᠬᠤᠷᠠᠯ ᠠᠴᠠ ᠵᠢᠭᠠᠬᠤ ᠳᠤ ᠪᠠᠨ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠭᠦᠳᠦᠨ ᠪᠦᠲᠦᠭᠡᠬᠦ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠬᠦ ᠬᠡᠷᠡᠭᠲᠡᠢ ᠭᠡᠵᠡᠢ᠃ ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ᠂ ᠲᠠᠸᠠᠷ ᠤᠨ ᠲᠡᠮᠳᠡᠭ᠂ ᠲᠤᠰᠬᠠᠢ ᠠᠰᠢᠭ ᠤᠨ ᠬᠢᠨᠠᠨ ᠪᠠᠶᠢᠴᠠᠭᠠᠯᠲᠠ ᠶᠢᠨ ᠦᠶᠡᠯᠡᠯ ᠤᠨ ᠬᠤᠭᠤᠴᠠᠭ᠎ᠠ ᠶᠢ ᠤᠯᠠᠮ ᠨᠢᠭᠡ ᠠᠯᠬᠤᠮ ᠪᠣᠭᠤᠨᠢᠰᠬᠠᠬᠤ ᠬᠡᠷᠡᠭᠲᠡᠢ᠃ ᠡᠨᠡ ᠵᠢᠯ ᠤᠨ ᠰᠡᠭᠦᠯᠴᠢ ᠠᠴᠠ ᠡᠮᠦᠨ᠎ᠡ ᠶᠡᠷᠦ ᠶᠢᠨ ᠪᠠᠶᠢᠳᠠᠯ ᠤᠨ ᠲᠠᠸᠠᠷ ᠤᠨ ᠲᠡᠮᠳᠡᠭᠲᠦ ᠳᠠᠩᠰᠠᠯᠠᠭᠤᠯᠬᠤ ᠦᠶᠡᠯᠡᠯ ᠤᠨ ᠬᠤᠭᠤᠴᠠᠭ᠎ᠠ ᠶᠢ 8 ᠰᠠᠷ᠎ᠠ ᠪᠠᠶᠢᠭᠰᠠᠨ ᠠᠴᠠ 7 ᠰᠠᠷ᠎ᠠ ᠪᠣᠯᠭᠠᠨ ᠪᠣᠭᠤᠨᠢᠰᠬᠠᠨ᠎ᠠ᠃ ᠲᠤᠰᠬᠠᠶ ᠠᠰᠢᠭ ᠢ ᠤᠷᠢᠳ ᠢᠶᠠᠷ ᠬᠢᠨᠠᠨ ᠪᠠᠶᠢᠴᠠᠭᠠᠬᠤ ᠪᠠ ᠳᠠᠨᠵᠢᠯᠠᠵᠤ ᠳᠠᠩᠰᠠᠯᠠᠭᠤᠯᠬᠤ ᠡᠯᠧᠺᠲᠷᠣᠨ ᠭᠤᠶᠤᠴᠢᠯᠠᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠠᠬᠢᠭᠤᠯᠵᠤ᠂ ᠲᠠᠸᠠᠷ ᠤᠨ ᠲᠡᠮᠳᠡᠭ ᠤᠨ ᠡᠯᠧᠺᠲᠷᠣᠨ ᠳᠠᠩᠰᠠᠯᠠᠭᠤᠯᠤᠭᠰᠠᠨ ᠦᠨᠡᠮᠯᠡᠯ ᠪᠠ ᠲᠤᠰᠬᠠᠶ ᠠᠰᠢᠭ ᠤᠨ ᠡᠯᠧᠺᠲᠷᠣᠨ ᠦᠨᠡᠮᠯᠡᠯ ᠢ ᠬᠡᠷᠡᠭᠵᠢᠭᠦᠯᠦᠨ᠂ ᠰᠢᠨ᠎ᠡ ᠡᠭᠦᠳᠦᠯᠲᠡ ᠶᠢᠨ ᠲᠤᠰᠬᠠᠶ ᠠᠰᠢᠭ ᠪᠠ ᠡᠯᠧᠺᠲᠷᠣᠨ ᠭᠤᠶᠤᠴᠢᠯᠠᠯ ᠤᠨ ᠲᠠᠸᠠᠷ ᠤᠨ ᠲᠡᠮᠳᠡᠭ ᠤᠨ ᠬᠤᠪᠢᠷᠠᠭᠤᠯᠤᠯᠲᠠ ᠶᠢ ᠤᠷᠲᠤᠳᠬᠠᠨ ᠬᠢᠨᠠᠨ ᠪᠠᠶᠢᠴᠠᠭᠠᠬᠤ ᠦᠶᠡᠯᠡᠯ ᠤᠨ ᠬᠤᠭᠤᠴᠠᠭ᠎ᠠ ᠶᠢ ᠢᠯᠡᠳᠲᠡ ᠪᠣᠭᠤᠨᠢᠰᠬᠠᠨ᠎ᠠ᠃ ᠲᠠᠸᠠᠷ ᠤᠨ ᠲᠡᠮᠳᠡᠭ ᠪᠠ ᠲᠤᠰᠬᠠᠶ ᠠᠰᠢᠭ ᠢ ᠳᠠᠨᠵᠢᠯᠠᠨ ᠳᠠᠩᠰᠠᠯᠠᠭᠤᠯᠬᠤ᠂ ᠲᠤᠰᠬᠠᠶ ᠣᠷᠣᠯᠠᠬᠤ ᠪᠠᠶᠢᠭᠤᠯᠤᠮᠵᠢ ᠶᠢᠨ ᠠᠵᠢᠯ ᠡᠷᠭᠢᠯᠡᠬᠦ ᠵᠥᠪᠰᠢᠶᠡᠷᠡᠯ ᠵᠡᠷᠭᠡ ᠶᠢ ᠬᠢᠨᠠᠨ ᠵᠥᠪᠰᠢᠶᠡᠷᠡᠬᠦ ᠳᠤ ᠮᠡᠳᠡᠭᠳᠡᠨ ᠠᠮᠠᠯᠠᠯᠲᠠ ᠬᠢᠬᠦ ᠲᠦᠷᠢᠮ ᠢ ᠬᠡᠷᠡᠭᠵᠢᠭᠦᠯᠦᠨ᠎ᠡ᠃ ᠬᠤᠶᠠᠷ ᠲᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠲᠤᠭ᠎ᠠ ᠬᠡᠮᠵᠢᠶ᠎ᠡ ᠶᠢ ᠥᠷᠥᠭᠡᠰᠦᠭᠡᠯ ᠢᠶᠠᠷ ᠬᠥᠭᠡᠭᠡᠴᠡᠯᠳᠦᠬᠦ ᠬᠡᠯᠪᠡᠷᠢᠯ ᠢ ᠵᠠᠯᠠᠷᠠᠭᠤᠯᠵᠤ᠂ ᠲᠤᠰᠬᠠᠶ ᠠᠰᠢᠭ ᠭᠤᠶᠤᠴᠢᠯᠠᠭᠰᠠᠨ ᠪᠠ ᠡᠷᠬᠡ ᠣᠯᠭᠤᠭᠰᠠᠨ ᠲᠤᠭ᠎ᠠ ᠬᠡᠮᠵᠢᠶ᠎ᠡ ᠪᠠᠷ ᠰᠢᠭᠤᠳ ᠱᠠᠩᠨᠠᠯ ᠬᠦᠷᠲᠡᠭᠡᠬᠦ ᠪᠤᠶᠤ ᠬᠢᠷᠢ ᠴᠢᠳᠠᠮᠵᠢ ᠬᠢᠷᠢ ᠬᠡᠮ ᠢ ᠦᠨᠡᠯᠡᠨ ᠲᠣᠭᠲᠠᠭᠠᠬᠤ ᠲᠥᠷᠥ ᠶᠢᠨ ᠪᠣᠳᠣᠯᠭ᠎ᠠ ᠶᠢᠨ ᠭᠤᠤᠯ ᠨᠥᠬᠦᠴᠡᠯ ᠪᠣᠯᠭᠠᠵᠤ ᠪᠣᠯᠬᠤ ᠥᠬᠡᠶ᠂ ᠲᠠᠸᠠᠷ ᠤᠨ ᠲᠡᠮᠳᠡᠭ ᠪᠠ ᠲᠤᠰᠬᠠᠶ ᠠᠰᠢᠭ ᠭᠤᠶᠤᠴᠢᠯᠠᠬᠤ ᠱᠠᠲᠤ ᠦᠶ᠎ᠡ ᠳᠠᠬᠢ ᠲᠤᠰᠠᠯᠠᠮᠵᠢ ᠪᠠ ᠱᠠᠩᠨᠠᠯ ᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠵᠤ᠂ ᠨᠢᠭᠡ ᠰᠡᠳᠬᠢᠯ ᠢᠶᠠᠷ ᠰᠤᠳᠤᠯᠭᠠᠨ ᠬᠢᠬᠦ ᠠᠭᠤᠷ ᠠᠮᠢᠰᠬᠤᠯ ᠢ ᠬᠦᠴᠦᠯᠡᠨ ᠪᠣᠶ ᠪᠣᠯᠭᠠᠵᠤ᠂ ᠰᠠᠭᠤᠷᠢ ᠴᠢᠨᠠᠷᠲᠠᠶ᠂ ᠤᠤᠭᠠᠯ ᠡᠭᠦᠳᠦᠯᠲᠡ ᠶᠢᠨ ᠴᠢᠨᠠᠷᠲᠠᠶ ᠦᠷ᠎ᠡ ᠪᠦᠲᠦᠭᠡᠯ ᠢ ᠢᠯᠡᠭᠦᠬᠡᠨ ᠭᠠᠷᠭᠠᠬᠤ ᠶᠢ ᠠᠬᠢᠭᠤᠯᠤᠨ᠎ᠠ᠃ ᠭᠤᠷᠪᠠ ᠳᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠠᠭᠤᠷᠢ ᠲᠤᠭ᠎ᠠ ᠪᠠᠷᠢᠮᠲᠠ ᠳᠤ ᠨᠡᠭᠡᠭᠡᠯᠲᠡ ᠬᠢᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠵᠦ ᠡᠭᠦᠳᠦᠨ ᠪᠦᠲᠦᠭᠡᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠳᠥᠷᠪᠡ ᠳᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠥᠬᠦ ᠬᠡᠯᠬᠢᠶ᠎ᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠨ ᠣᠷᠣᠯᠠᠨ ᠭᠦᠢᠴᠡᠳᠬᠡᠬᠦ ᠪᠠ ᠲᠠᠸᠠᠷ ᠤᠨ ᠲᠡᠮᠳᠡᠭᠲᠦ ᠶᠢ ᠵᠣᠷᠢᠭᠤᠳᠠ ᠮᠠᠭᠤ ᠰᠠᠨᠠᠭᠠᠯᠠᠵᠤ ᠳᠠᠩᠰᠠᠯᠠᠬᠤ᠂ ᠬᠡᠪ ᠤᠨ ᠪᠤᠰᠤ ᠲᠤᠰᠬᠠᠶ ᠠᠰᠢᠭ ᠭᠤᠶᠤᠴᠢᠯᠠᠬᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠳᠤ ᠪᠤᠳᠤᠯᠢᠶᠠᠨᠲᠠᠶ ᠬᠦᠨᠳᠦ ᠨᠣᠴᠢᠲᠠᠶ ᠰᠢᠨ᠎ᠡ ᠪᠠᠶᠢᠳᠠᠯ ᠢᠯᠡᠷᠡᠵᠦ᠂ ︽5.1︾ ᠤ ᠠᠮᠠᠷᠠᠯᠲᠠ ᠶᠢᠨ ᠬᠤᠭᠤᠴᠠᠭᠠᠨ ᠳᠤ ᠣᠯᠠᠨ ᠬᠥᠮᠦᠰ ᠴᠤᠭᠯᠠᠷᠠᠨ ᠨᠠᠭᠠᠰᠢ ᠴᠠᠭᠠᠰᠢ ᠶᠠᠪᠤᠵᠤ ᠰᠠᠭᠤᠬᠤ ᠱᠠᠭᠠᠷᠳᠠᠯᠭ᠎ᠠ ᠳᠤ ᠴᠢᠭᠯᠡᠭᠦᠯᠦᠨ᠂ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠪᠠᠷ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠬᠠᠷᠢᠭᠤᠴᠠᠯᠭ᠎ᠠ ᠪᠠᠨ ᠴᠢᠩᠭᠠᠳᠬᠠᠵᠤ᠂ ᠥᠩᠭᠡᠷᠡᠭᠰᠡᠨ ᠤ ᠬᠡᠷᠡᠭᠵᠢᠭᠦᠯᠵᠦ ᠪᠠᠶᠢᠭᠰᠠᠨ ᠪᠦᠲᠦᠮᠵᠢᠲᠡᠢ ᠠᠷᠭ᠎ᠠ ᠬᠢᠳᠡᠯ ᠢᠶᠠᠷ ᠲᠣᠯᠢᠯᠠᠵᠤ᠂ ᠠᠮᠠᠷᠠᠯᠲᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠥᠨ ᠤ ᠤᠷᠤᠰᠬᠠᠯ ᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠤᠷᠬᠢᠯ ᠦᠶ᠎ᠡ ᠠᠴᠠ ᠵᠥᠷᠢᠭᠦᠯᠬᠦ ᠵᠡᠷᠭᠡ ᠠᠷᠭ᠎ᠠ ᠠᠪᠴᠠᠯ ᠢ ᠬᠡᠷᠡᠭᠯᠡᠵᠦ᠂ ᠦᠵᠡᠮᠵᠢ ᠶᠢᠨ ᠣᠷᠣᠨ ᠵᠡᠷᠭᠡ ᠲᠠᠯᠠᠪᠤᠷ ᠲᠤ ᠬᠥᠮᠦᠰ ᠬᠡᠲᠦᠷᠬᠡᠢ ᠲᠥᠪᠯᠡᠷᠡᠬᠦ ᠠᠴᠠ ᠰᠡᠷᠭᠡᠶᠢᠯᠡᠬᠦ ᠬᠡᠷᠡᠭᠲᠡᠢ᠃ ᠡᠭᠦᠨ ᠤ ᠵᠡᠷᠭᠡᠴᠡᠭᠡ ᠪᠠᠷ᠂ ᠡᠯ᠎ᠡ ᠭᠠᠵᠠᠷ ᠤᠨ ᠬᠢᠨ ᠵᠠᠮ ᠬᠠᠷᠢᠯᠴᠠᠭ᠎ᠠ᠂ ᠦᠢᠯᠡᠳᠪᠦᠷᠢᠯᠡᠯ ᠵᠡᠷᠭᠡ ᠡᠯ᠎ᠡ ᠬᠦᠷᠢᠶᠡᠨ ᠤ ᠠᠶᠤᠯ ᠦᠭᠡᠢ ᠶᠢ ᠪᠠᠲᠤᠯᠠᠬᠤ ᠠᠵᠢᠯ ᠢ ᠦᠨᠡᠨ ᠬᠦ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|