ᠰᠢᠯᠢ ᠶᠢᠨ ᠭᠤᠤᠯ ᠠᠶᠢᠮᠠᠭ ᠤᠨ ᠨᠢᠭᠡᠳᠦᠭᠡᠷ ᠤᠯᠠᠷᠢᠯ ᠤᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠰᠡᠷᠭᠦᠯᠲᠡ ᠶᠢᠨ ᠠᠯᠬᠤᠴᠠ ᠨᠠᠩ ᠲᠣᠭᠲᠠᠭᠤᠨ ᠨᠠᠩ ᠲᠦᠷᠭᠡᠨ ᠪᠣᠯᠵᠤ ᠠᠵᠤ ᠠᠬᠤᠶ ᠶᠢᠨ ᠬᠡᠪᠴᠢᠶ᠎ᠡ ᠦᠷᠭᠦᠯᠵᠢᠯᠡᠨ ᠥᠷᠭᠡᠳᠪᠡ
ᠨᠡᠶᠢᠲᠡᠯᠡᠭᠰᠡᠨ ᠴᠠᠭ᠄
2021/4/29

     ᠨᠢᠭᠡᠳᠦᠭᠡᠷ ᠤᠯᠠᠷᠢᠯ ᠳᠤ᠂ ᠪᠥᠬᠦ ᠠᠶᠢᠮᠠᠭ ᠤᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠨᠡᠮᠡᠭᠳᠡᠯ ᠥᠷᠲᠡᠭ 86.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢᠳᠬᠠᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 28.3% ᠪᠠᠷ ᠨᠡᠮᠡᠭᠳᠡᠵᠦ᠂ ᠨᠡᠮᠡᠭᠳᠡᠴᠡ ᠨᠢ ᠪᠥᠬᠦ ᠠᠶᠢᠮᠠᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ︵15.8%︶ ᠠᠴᠠ 12.5 ᠵᠠᠭᠤᠨ ᠤ ᠴᠡᠭ ᠥᠨᠳᠥᠷ ᠪᠣᠯᠪᠠ︔ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ ᠨᠢ 46.3% ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.9 ᠵᠠᠭᠤᠨ ᠤ ᠴᠡᠭ ᠳᠡᠭᠡᠭᠰᠢᠯᠡᠵᠦ᠂ ᠪᠥᠬᠦ ᠠᠶᠢᠮᠠᠭ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 74.2% ᠲᠤ ᠬᠦᠷᠴᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠢ 11.7 ᠵᠠᠭᠤᠨ ᠤ ᠴᠡᠭ ᠳᠠᠶᠢᠴᠢᠯᠠᠪᠠ᠃ ᠠᠵᠤ ᠦᠢᠯᠡᠰ ᠤᠨ ᠲᠠᠯ᠎ᠠ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.7% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 43.37 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.8% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 41.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.3% ᠪᠠᠷ ᠨᠡᠮᠡᠭᠳᠡᠪᠡ᠃ ᠬᠤᠪᠢ ᠨᠡᠮᠡᠷᠢ ᠠᠴᠠ ᠦᠵᠡᠪᠡᠯ᠂ ᠭᠤᠷᠪᠠᠨ ᠠᠵᠤ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 1.4%᠂ 59.3% ᠪᠠ 39.3% ᠪᠣᠯᠤᠨ᠎ᠠ᠃ ᠡᠭᠦᠨ ᠳᠤ᠂ ᠠᠷᠠᠳ ᠠᠴᠠ ᠡᠵᠡᠩᠨᠡᠭᠰᠡᠨ ᠠᠵᠤ ᠦᠢᠯᠡᠳᠪᠦᠷᠢ ᠨᠡᠯᠢᠶᠡᠳ ᠲᠤᠪᠤᠶᠢᠮ᠎ᠠ ᠪᠠᠶᠢᠵᠤ᠂ ᠠᠷᠠᠳ ᠠᠴᠠ ᠡᠵᠡᠩᠨᠡᠭᠰᠡᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 37.6% ᠪᠠᠷ ᠨᠡᠮᠡᠭᠳᠡᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠨᠢ 50.8% ᠬᠦᠷᠴᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ 14.4 ᠵᠠᠭᠤᠨ ᠤ ᠴᠡᠭ ᠲᠠᠶᠢᠴᠢᠯᠠᠵᠠᠢ᠃

ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ