ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠯᠠᠪᠳᠠᠭᠤᠨ ᠪᠠᠲᠤᠲᠠᠶ ᠥᠷᠨᠢᠵᠣ ᠪᠠᠶᠢᠨ᠎ᠠ
ᠨᠡᠶᠢᠲᠡᠯᠡᠭᠰᠡᠨ ᠴᠠᠭ᠄
2021/4/6
      1 ᠰᠠᠷ᠎ᠠ ᠠᠴᠠ ᠡᠬᠢᠯᠡᠭᠰᠡᠨ 3 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠬᠤ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠪᠦᠬᠦ ᠣᠷᠣᠨ ᠤ ᠡᠯ᠎ᠡ ᠭᠠᠵᠠᠷ ᠲᠤ ᠯᠠᠪᠳᠠᠭᠤᠨ ᠪᠠᠲᠤᠲᠠᠶ ᠥᠷᠨᠢᠵᠦ ᠪᠠᠶᠢᠭ᠎ᠠ ᠪᠥᠭᠡᠳ ᠢᠳᠡᠪᠬᠢᠲᠡᠶ ᠦᠷ᠎ᠡ ᠪᠦᠲᠦᠮᠵᠢ ᠤᠯᠵᠣ ᠪᠠᠶᠢᠨ᠎ᠠ᠃      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠲᠠᠢ ᠪᠥᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠦᠨᠡᠨ ᠬᠦ ᠨᠢᠭᠡᠳᠬᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠢᠶᠠᠷ ᠵᠥᠪᠰᠢᠶᠡᠷᠡᠭᠦᠯᠦᠭᠡᠳ᠂ ᠡᠨᠡ ᠵᠢᠯ ᠤᠨ 1 ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠳᠤ 3 ᠰᠠᠷ᠎ᠠ ᠶᠢᠨ ᠬᠤᠭᠤᠴᠠᠭ᠎ᠠ ᠲᠠᠢ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠥᠷᠨᠢᠭᠦᠯᠬᠦ ᠪᠠᠷ ᠳᠣᠭᠳᠠᠵᠠᠢ᠃      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︽ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠤᠨ ᠲᠥᠰᠦᠯ︾ ᠳᠠᠷᠤᠮᠠᠯᠯᠠᠨ ᠲᠠᠷᠬᠠᠭᠠᠵᠤ᠂ ᠬᠡᠷᠡᠭᠵᠢᠭᠦᠯᠬᠦ ᠲᠥᠯᠥᠪᠯᠡᠭᠡ ᠲᠣᠭᠲᠠᠭᠠᠨ᠂ ᠠᠵᠢᠯ ᠤᠨ ᠬᠤᠪᠢᠶᠠᠷᠢᠯᠠᠯ ᠡᠭᠦᠷᠭᠡ ᠪᠠᠨ ᠨᠠᠷᠢᠯᠢᠬᠵᠢᠭᠤᠯᠵᠤ᠂ ᠰᠤᠷᠤᠯᠴᠠᠯᠭ᠎ᠠ ᠶᠢ ᠲᠦᠷᠦᠭᠦᠯᠡᠨ ᠰᠠᠶᠢᠲᠤᠷ ᠠᠳᠬᠤᠪᠠ᠃ ᠡᠯ᠎ᠡ ᠭᠠᠵᠠᠷ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠰᠦᠯ ᠪᠠ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ︽ᠥᠪᠡᠰᠦᠪᠡᠨ ᠰᠣᠩᠭᠤᠬᠤ ᠠᠵᠢᠯᠯᠠᠭ᠎ᠠ︾ ᠶᠢ ᠰᠠᠶᠢᠲᠤᠷ ᠠᠳᠬᠤᠪᠠ᠃ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︽1 + 6 ᠵᠠᠭᠪᠤᠷ︾ ᠳᠣᠭᠳᠠᠭᠠᠵᠣ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠤᠨ ᠡᠭᠦᠷᠭᠡ ᠶᠢ ᠠᠬᠢᠭᠤᠯᠬᠤ ᠬᠦᠰᠦᠨᠦᠭᠲᠦ ᠪᠠ ︽ᠰᠤᠷᠤᠯᠴᠠᠬᠤ᠂ ᠪᠠᠶᠢᠴᠠᠭᠠᠨ ᠰᠤᠳᠤᠯᠬᠤ᠂ ᠰᠤᠳᠤᠯᠤᠨ ᠶᠠᠷᠢᠯᠴᠠᠬᠤ᠂ ᠵᠠᠳᠠᠯᠬᠤ᠂ ᠴᠡᠭᠴᠡᠯᠡᠨ ᠰᠠᠶᠢᠵᠢᠷᠠᠭᠤᠯᠬᠤ᠂ ᠳ᠋ᠦᠩᠨᠡᠬᠦ︾ 6 ᠨᠠᠷᠢᠨ ᠲᠠᠩᠰᠠ ᠵᠣᠬᠢᠶᠠᠨ ᠲᠠᠷᠬᠠᠭᠠᠵᠤ᠂ ᠡᠭᠦᠷᠭᠡ ᠶᠢ 20 ᠵᠦᠢᠯ ᠤᠨ ᠪᠣᠳᠠᠲᠠᠶ ᠠᠵᠢᠯ ᠪᠣᠯᠭᠠᠨ ᠨᠠᠷᠢᠯᠢᠬᠵᠢᠭᠤᠯᠵᠤ᠂ ᠠᠬᠢᠭᠤᠯᠬᠤ ᠴᠠᠭ ᠪᠠ ᠬᠠᠷᠢᠭᠤᠴᠠᠯᠭᠠᠳᠣ ᠰᠠᠯᠠᠭ᠎ᠠ ᠲᠠᠰᠤᠭ ᠢ ᠲᠣᠳᠣᠷᠬᠠᠶᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃      ᠬᠥᠬᠡᠬᠤᠲᠠ᠂ ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠤᠨ ᠤᠬᠠᠭᠤᠯᠭ᠎ᠠ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠤᠨ ᠤᠬᠠᠭᠤᠯᠭ᠎ᠠ ᠶᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠮᠤ ᠰᠢᠶᠠᠩ ᠪᠠᠯᠭᠠᠰᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠴᠡᠷᠢᠭ ᠠᠩᠭᠢ ᠳᠤ ᠣᠷᠣᠭᠤᠯᠬᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠣᠷᠣᠭᠤᠯᠬᠤ᠂ ᠰᠦᠯᠵᠢᠶ᠎ᠡ ᠳᠡᠭᠡᠷ᠎ᠡ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ︽ᠭᠤᠷᠪᠠᠨ ᠰᠠᠯᠵᠤ ᠴᠢᠲᠠᠬᠤ ᠥᠬᠡᠶ︾ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠶᠢ ᠠᠬᠢᠭᠤᠯᠵᠠᠢ᠃      ᠪᠤᠭᠤᠲᠤ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠦᠨᠳᠦᠰᠦᠲᠡᠨ ᠤ ᠠᠵᠢᠯ ᠤᠨ ᠭᠤᠤᠯ ᠰᠢᠵᠢᠮ ᠢ ᠪᠠᠲᠤ ᠠᠳᠬᠤᠵᠤ᠂ ᠰᠤᠷᠤᠯᠴᠠᠯᠭ᠎ᠠ ᠬᠥᠮᠦᠵᠢᠯ ᠤᠨ ᠣᠨᠣᠯ ᠤᠨ ᠭᠦᠨᠴᠡ ᠪᠠ ᠦᠢᠯᠡᠳᠦᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠬᠦᠨᠵᠡᠭᠡᠶᠢᠷᠡᠭᠦᠯᠦᠨ ᠴᠢᠩᠭᠠᠷᠠᠭᠤᠯᠪᠠ᠃ ᠪᠥᠬᠦ ᠬᠤᠲᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ 109 ᠤᠳᠠᠭ᠎ᠠ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠵᠣᠬᠢᠶᠠᠨ ᠪᠠᠶᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠳᠤ ᠪᠤᠭᠤᠲᠤ ᠬᠤᠲᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠤᠨ ᠰᠤᠷᠤᠯᠴᠠᠬᠤ ᠮᠠᠲ᠋ᠧᠷᠢᠶᠠᠯ ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ 5 ᠬᠤᠭᠤᠴᠠᠭ᠎ᠠ ᠡᠷᠭᠢᠯᠡᠪᠡ᠃      ᠦᠬᠠᠶ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠵᠡᠷᠭᠡ 9 ᠲᠠᠯ᠎ᠠ ᠪᠠᠷ 33 ᠵᠤᠷᠪᠤᠰ ᠪᠣᠳᠠᠲᠠᠶ ᠠᠷᠭ᠎ᠠ ᠬᠡᠮᠵᠢᠶ᠎ᠡ ᠲᠣᠭᠲᠠᠭᠠᠪᠠ᠃      ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ ᠤᠨ ᠰᠤᠷᠤᠯᠴᠠᠨ ᠶᠠᠷᠢᠯᠴᠠᠬᠤ ᠲᠥᠰᠦᠯ︾ ᠲᠣᠭᠲᠠᠭᠠᠵᠤ᠂ ᠦᠨᠳᠦᠰᠦᠲᠡᠨ ᠤ ᠠᠵᠢᠯ ᠤᠨ ᠰᠤᠷᠤᠯᠴᠠᠬᠤ ᠮᠠᠲ᠋ᠧᠷᠢᠶᠠᠯ ᠳᠠᠷᠤᠮᠠᠯᠯᠠᠨ ᠲᠠᠷᠬᠠᠭᠠᠵᠣ᠂ ᠨᠠᠷᠢᠨ ᠲᠠᠩᠰᠠ ᠶᠢᠨ ᠬᠡᠯᠪᠡᠷᠢ ᠪᠠᠷ 7 ᠲᠠᠯ᠎ᠠ ᠶᠢᠨ 28 ᠰᠤᠷᠤᠯᠴᠠᠬᠤ ᠵᠣᠬᠢᠶᠠᠯ ᠢ ᠵᠢᠭᠰᠠᠭᠠᠵᠤ᠂ ᠤᠳᠤᠷᠢᠳᠬᠤ ᠪᠠᠭ ᠤᠨ ᠪᠦᠷᠢᠯᠳᠦᠬᠦᠨ ᠭᠤᠤᠯ ᠰᠢᠵᠢᠮ ᠤᠨ ᠲᠣᠭᠤᠷᠢᠨ ᠳᠤ ᠰᠤᠷᠤᠯᠴᠠᠵᠤ ᠳᠠᠭᠠᠭᠤᠯᠤᠨ ᠰᠤᠷᠤᠯᠴᠠᠵᠤ ᠭᠦᠨᠵᠡᠭᠡᠶ ᠰᠤᠷᠤᠯᠴᠠᠵᠤ᠂ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠶᠢ ᠬᠢᠨᠠᠮᠠᠭᠠᠶ ᠰᠠᠶᠢᠲᠤᠷ ᠬᠢᠪᠡ᠃
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ