ᠪᠦᠬᠦ ᠣᠷᠣᠨ ᠤ ᠠᠵᠢᠯ ᠣᠯᠭᠤᠵᠣ ᠦᠢᠯᠡᠰ ᠴᠣᠭᠴᠠᠯᠠᠬᠤ ᠶᠢ ᠠᠬᠢᠭᠤᠯᠬᠤ ᠴᠤᠭᠯᠠᠭᠠᠨ ᠵᠢᠴᠢ ᠬᠠᠪᠤᠷ ᠤᠨ ᠤᠯᠠᠷᠢᠯ ᠤᠨ ᠴᠢᠲᠠᠪᠤᠷᠢᠲᠠᠨ ᠤᠷᠢᠨ ᠡᠯᠰᠡᠬᠦ ᠴᠤᠭᠯᠠᠭᠠᠨ 4 ᠳ᠋ᠦ᠋ᠭᠡᠷ ᠰᠠᠷ᠎ᠠ ᠶᠢᠨ 10 ᠤ ᠡᠳᠦᠷ ᠶᠠᠪᠤᠭᠲᠠᠨ᠎ᠠ
ᠨᠡᠶᠢᠲᠡᠯᠡᠭᠰᠡᠨ ᠴᠠᠭ᠄
2021/4/6
      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2021 ᠣᠨ ᠤ ᠪᠦᠬᠦ ᠣᠷᠣᠨ ᠤ ᠠᠵᠢᠯ ᠣᠯᠭᠤᠵᠣ ᠦᠢᠯᠡᠰ ᠴᠣᠭᠴᠠᠯᠠᠬᠤ ᠶᠢ ᠠᠬᠢᠭᠤᠯᠬᠤ ᠴᠤᠭᠯᠠᠭᠠᠨ ᠵᠢᠴᠢ ᠬᠠᠪᠤᠷ ᠤᠨ ᠤᠯᠠᠷᠢᠯ ᠤᠨ ᠴᠢᠲᠠᠪᠤᠷᠢᠲᠠᠨ ᠤᠷᠢᠨ ᠡᠯᠰᠡᠬᠦ ᠴᠤᠭᠯᠠᠭᠠᠨ 4 ᠳ᠋ᠦ᠋ᠭᠡᠷ ᠰᠠᠷ᠎ᠠ ᠶᠢᠨ 10 ᠤ ᠡᠳᠦᠷ ᠦᠪᠤᠷ ᠮᠤᠩᠭᠤᠯ ᠤᠨ ᠤᠯᠠᠨ ᠤᠯᠤᠰ ᠤᠨ ᠬᠤᠷᠠᠯ ᠦᠵᠡᠰᠬᠦᠯᠠᠩ ᠤᠨ ᠲᠦᠪ ᠲᠤ ᠶᠠᠪᠤᠭᠲᠠᠬᠤ ᠪᠠᠷ ᠪᠤᠢ᠃      ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠴᠢᠳᠠᠪᠤᠷᠢᠲᠠᠨ ᠣᠷᠢᠨ ᠡᠯᠰᠡᠬᠦ ᠴᠤᠭᠯᠠᠭᠠᠨ ᠤ ᠭᠤᠤᠯ ᠬᠤᠷᠠᠯ ᠤᠨ ᠲᠠᠯᠠᠪᠠᠶ ᠳᠤ ᠠᠵᠢᠯ ᠣᠯᠭᠤᠯᠲᠠ ᠦᠢᠯᠡᠰ ᠴᠣᠭᠴᠠᠯᠠᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠲᠣᠭᠤᠷᠢᠭ᠂ ᠠᠵᠢᠯ ᠮᠡᠷᠭᠡᠵᠢᠯ ᠤᠷ᠎ᠠ ᠴᠢᠳᠠᠪᠤᠷᠢ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠲᠣᠭᠤᠷᠢᠭ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ ᠦᠵᠡᠭᠦᠯᠭᠡ ᠶᠢᠨ ᠲᠣᠭᠤᠷᠢᠭ ᠵᠡᠷᠭᠡ 3 ᠦᠵᠡᠭᠦᠯᠭᠡ ᠶᠢᠨ ᠲᠣᠭᠤᠷᠢᠭ ᠭᠠᠷᠭᠠᠬᠤ ᠶᠢᠨ ᠬᠠᠮᠲᠤ ᠪᠠᠰᠠ ᠰᠦᠯᠵᠢᠶ᠎ᠡ ᠪᠠᠷ ᠴᠢᠳᠠᠪᠤᠷᠢᠲᠠᠨ ᠡᠯᠰᠡᠬᠦ ᠲᠤᠰᠬᠠᠶ ᠲᠣᠭᠤᠷᠢᠭ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠲᠤᠰᠬᠠᠶ ᠲᠣᠭᠤᠷᠢᠭ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠴᠢᠳᠠᠪᠤᠷᠢᠲᠠᠨ ᠡᠯᠰᠡᠬᠦ ᠲᠤᠰᠬᠠᠶ ᠲᠣᠭᠤᠷᠢᠭ᠂ ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠠᠵᠢᠯ ᠣᠯᠭᠤᠯᠲᠠ ᠶᠢᠨ ᠭᠤᠤᠯᠳᠠᠯᠭ᠎ᠠ ᠲᠠᠢ ᠬᠦᠮᠦᠰ ᠢ ᠡᠯᠰᠡᠬᠦ ᠲᠤᠰᠬᠠᠶ ᠲᠣᠭᠤᠷᠢᠭ ᠵᠡᠷᠭᠡ 4 ᠲᠤᠰᠬᠠᠶ ᠲᠣᠭᠤᠷᠢᠭ ᠭᠠᠷᠭᠠᠨ᠎ᠠ᠃ ᠡᠭᠦᠨ ᠠᠴᠠ ᠭᠠᠳᠠᠨ᠎ᠠ᠂ ᠲᠣᠰ ᠤᠳᠠᠭᠠᠨ ᠤ ᠴᠢᠳᠠᠪᠤᠷᠢᠲᠠᠨ ᠤᠷᠢᠨ ᠡᠯᠰᠡᠬᠦ ᠴᠤᠭᠯᠠᠭᠠᠨ ᠳᠡᠭᠡᠷ᠎ᠡ ᠲᠣᠮᠣ ᠳᠤᠮᠳᠠ ᠳᠡᠰ ᠤᠨ ᠬᠤᠲᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠮᠲᠤᠷᠠᠨ ᠡᠯᠰᠡᠬᠦ ᠲᠤᠰᠬᠠᠶ ᠠᠵᠢᠯᠯᠠᠭ᠎ᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠡᠯᠰᠡᠬᠦ ᠰᠠᠷ᠎ᠠ᠂ ᠬᠠᠪᠤᠷ ᠤᠨ ᠤᠷᠢᠬᠠᠨ ᠰᠠᠯᠬᠢ ᠠᠵᠢᠯᠯᠠᠭ᠎ᠠ᠂ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽1+7︾ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠵᠡᠷᠭᠡ ᠳᠥᠷᠪᠡᠨ ᠵᠦᠢᠯ ᠤᠨ ᠭᠤᠤᠯᠳᠠᠯᠭ᠎ᠠ ᠲᠠᠢ ᠠᠵᠢᠯᠯᠠᠭ᠎ᠠ ᠶᠢ ᠴᠤ ᠵᠡᠷᠭᠡᠪᠡᠷ ᠡᠬᠢᠯᠡᠭᠦᠯᠬᠦ ᠪᠣᠯᠤᠨ᠎ᠠ᠃      ᠴᠢᠲᠠᠪᠤᠷᠢᠲᠠᠨ ᠤᠷᠢᠨ ᠡᠯᠰᠡᠬᠦ ᠴᠤᠭᠯᠠᠭᠠᠨ ᠳᠤ 270 ᠦᠵᠡᠭᠦᠯᠭᠡ ᠶᠢᠨ ᠪᠠᠶᠢᠷᠢ ᠭᠠᠷᠭᠠᠵᠤ᠂ ᠣᠷᠣᠨ ᠤ ᠳᠣᠲᠣᠨ᠎ᠠ ᠭᠠᠳᠠᠨᠠᠬᠢ ᠤᠯᠤᠰ ᠤᠨ ᠥᠮᠴᠢᠯᠡᠯᠳᠦ᠂ ᠨᠡᠶᠢᠲᠡ ᠶᠢᠨ ᠦᠮᠴᠢᠯᠡᠯᠳᠦ᠂ ᠬᠤᠪᠢ ᠣᠷᠣᠭᠤᠯᠬᠤ ᠲᠦᠷᠢᠮᠳᠦ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ᠂ ᠳᠡᠭᠡᠳᠦ ᠰᠢᠨ᠎ᠡ ᠮᠡᠷᠭᠡᠵᠢᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠡᠷᠭᠡ ᠬᠥᠮᠦᠨ ᠬᠡᠷᠡᠭᠯᠡᠬᠦ ᠡᠯ᠎ᠡ ᠲᠦᠷᠦᠯ ᠤᠨ ᠨᠢᠭᠡᠴᠢ ᠶᠢ ᠤᠷᠢᠨ ᠣᠷᠣᠯᠴᠠᠭᠤᠯᠬᠤ ᠪᠣᠯᠣᠨ᠎ᠠ᠃ ᠵᠢᠱᠢᠯᠲᠡ ᠪᠠᠷ 3 ᠲᠦᠮᠡ ᠭᠠᠷᠤᠢ ᠡᠯ᠎ᠡ ᠲᠦᠷᠦᠯ ᠤᠨ ᠳᠤᠮᠳᠠ ᠳᠡᠭᠡᠳᠦ ᠲᠡᠰ ᠤᠨ ᠲᠤᠰᠬᠠᠢ ᠮᠡᠷᠭᠡᠵᠢᠯ ᠤᠨ ᠴᠢᠳᠠᠪᠣᠷᠢᠳᠠᠨ᠂ ᠬᠠᠮᠢᠶᠠᠷᠤᠯᠲᠠ ᠶᠢᠨ ᠴᠢᠳᠠᠪᠤᠷᠢᠲᠠᠨ᠂ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠤᠰ ᠬᠤᠭᠤᠴᠠᠭ᠎ᠠ ᠲᠡᠭᠦᠰᠦᠭᠰᠡᠳ ᠪᠠ ᠲᠤᠰᠬᠠᠢ ᠮᠡᠷᠭᠡᠵᠢᠯ ᠤᠨ ᠴᠢᠳᠠᠪᠤᠷᠢᠲᠠᠳ ᠴᠣᠭᠯᠠᠭᠠᠨ ᠳᠤ ᠣᠷᠣᠯᠴᠠᠬᠤ ᠪᠣᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ