4 ᠳ᠋ᠦ᠋ᠭᠡᠷ ᠰᠠᠷ᠎ᠠ ᠶᠢᠨ 2 ᠤᠨ ᠡᠳᠦᠷ ᠠᠴᠠ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠣᠤ ᠴᠦᠨ ᠠᠯᠠᠱᠠ ᠠᠶᠢᠮᠠᠭ᠂ ᠦᠬᠠᠶ ᠬᠤᠲᠠ ᠶᠢᠨ ᠦᠨᠳᠦᠰᠦᠨ ᠱᠠᠲᠤᠨ ᠤ ᠤᠯᠤᠰ ᠲᠥᠷᠥ ᠬᠠᠤᠯᠢ | ᠴᠠᠭᠠᠵᠠ ᠶᠢᠨ ᠨᠢᠭᠡᠴᠢ ᠳᠤ ᠭᠦᠨᠵᠡᠭᠡᠶᠢᠷᠡᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠤ | ᠬᠢᠨᠠᠨ ᠵᠢᠯᠣᠭᠤᠳᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ ᠢᠶᠠᠷ ᠤᠳᠤᠷᠢᠳᠤᠮᠵᠢ ᠪᠣᠯᠭᠠᠬᠤ ᠶᠢᠨ ᠬᠠᠮᠲᠤ ᠡᠬᠢᠨ ᠠᠴᠠ ᠨᠢ | ᠳᠠᠭᠤᠰᠲᠠᠯ᠎ᠠ ᠲᠤᠭᠤᠰᠢᠯᠠᠭᠤᠯᠤᠨ᠂ ᠡᠷᠡᠰ ᠪᠠᠲᠤ ᠢᠲᠡᠭᠡᠯ ᠪᠢᠰᠢᠷᠡᠯ ᠢ ᠪᠠᠲᠤᠳᠬᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠨ᠂ ᠲᠤᠭ ᠢᠶᠠᠨ | ᠥᠨᠳᠥᠷ ᠮᠠᠨᠳᠤᠭᠤᠯᠬᠤ᠂ ᠨᠠᠮ ᠤᠨ ᠵᠢᠯᠤᠭᠤᠳᠤᠯᠭ᠎ᠠ ᠶᠢ ᠳᠠᠭᠠᠬᠤ᠂ ᠡᠭᠦᠷᠭᠡ ᠬᠠᠷᠢᠭᠤᠴᠠᠯᠭ᠎ᠠ ᠳᠤ ᠪᠠᠨ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠰᠠᠭᠤᠷᠢ ᠶᠢ | ᠪᠠᠲᠤᠳᠬᠠᠲᠠᠯᠠ ᠰᠤᠷᠤᠯᠴᠠᠬᠤ ᠬᠡᠷᠡᠭᠲᠡᠢ ᠭᠡᠪᠠ᠃ | ᠣᠳᠣᠬᠠᠨ ᠳᠤ᠂ ᠨᠢᠭᠡᠳᠦᠭᠡᠷ ᠪᠦᠯᠦᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠨᠢ ᠰᠤᠷᠤᠯᠴᠠᠯᠭ᠎ᠠ ᠬᠥᠮᠦᠵᠢᠯ ᠤᠨ | ᠭᠤᠭᠴᠤᠭ᠎ᠠ ᠶᠢᠨ ᠡᠭᠦᠷᠭᠡ ᠪᠠᠨ ᠤᠳᠠᠯ ᠦᠭᠡᠶ ᠪᠡᠶᠡᠯᠡᠭᠦᠯᠬᠦ ᠪᠣᠯᠤᠨ᠎ᠠ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠬᠢᠷᠢ ᠵᠡᠷᠭᠡ ᠪᠠᠶᠢᠬᠤ᠂ ᠦᠵᠡᠯ ᠰᠠᠨᠠᠭᠠᠨ ᠤ | ᠦᠷ᠎ᠡ ᠪᠦᠲᠦᠭᠡᠯ ᠪᠣᠯᠤᠨ ᠠᠵᠢᠯ ᠤᠨ ᠦᠷ᠎ᠡ ᠪᠦᠲᠦᠭᠡᠯ ᠪᠣᠯᠭᠠᠨ ᠤᠯᠠᠷᠢᠭᠤᠯᠵᠤ ᠴᠢᠳᠠᠬᠤ ᠡᠰᠡᠬᠦ ᠳᠤ ᠯᠢᠨ ᠱᠣᠣ ᠴᠦᠨ ᠲᠦᠢᠯ ᠢᠶᠠᠷ ᠰᠠᠨᠠᠭᠠᠰᠢᠷᠠᠵᠤ ᠪᠠᠶᠢᠯ᠎ᠠ᠃ | ᠲᠡᠷᠡ ᠤᠷᠢᠳ ᠬᠤᠵᠢᠳ ᠡᠵᠡᠨ᠎ᠡ ᠬᠤᠰᠢᠭᠤ᠂ ᠠᠯᠠᠱᠠ ᠪᠠᠷᠠᠭᠤᠨ ᠬᠤᠰᠢᠭᠤ᠂ ᠠᠯᠠᠱᠠ ᠵᠡᠭᠦᠨ ᠬᠤᠰᠢᠭᠤ ᠪᠣᠯᠤᠨ ᠬᠠᠶᠢᠷᠤᠪ ᠤᠨ ᠲᠤᠬᠤᠢ ᠲᠣᠭᠤᠷᠢᠭ᠂ ᠤᠳᠠ | ᠲᠣᠭᠤᠷᠢᠭ ᠤᠨ ᠦᠨᠳᠦᠰᠦᠨ ᠱᠠᠲᠤᠨ ᠤ ᠡᠯ᠎ᠡ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠳᠤ ᠬᠦᠷᠴᠦ᠂ ᠨᠢᠭᠡᠳᠦᠭᠡᠷ ᠹᠷᠣᠨᠲ ᠤᠨ ᠺᠠᠳ᠋ᠷ ᠴᠠᠭᠳᠠᠭ᠎ᠠ ᠲᠠᠢ | ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠥᠮᠦᠵᠢᠯ ᠴᠡᠭᠴᠡᠯᠡᠯᠲᠡ ᠶᠢᠨ ᠠᠵᠢᠯ ᠤᠨ ᠪᠠᠶᠢᠳᠠᠯ ᠢ ᠨᠢ ᠨᠠᠷᠢᠨ ᠣᠶᠢᠯᠠᠭᠠᠪᠠ᠃ ᠤᠯᠠᠨ ᠤ ᠰᠤᠷᠤᠯᠴᠠᠯᠭ᠎ᠠ ᠶᠢᠨ ᠮᠠᠲ᠋ᠧᠷᠢᠶᠠᠯ ᠢ | ᠤᠷᠪᠠᠭᠤᠯᠤᠨ ᠦᠵᠡᠬᠦ ᠳᠤ ᠪᠠᠨ᠂ ᠲᠡᠷᠡ ᠦᠨᠳᠦᠰᠦᠨ ᠱᠠᠲᠤᠨ ᠤ ᠨᠥᠬᠦᠳ ᠲᠤ᠂ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠨᠢ ᠪᠣᠳᠠᠲᠤ ᠦᠷ᠎ᠡ ᠪᠦᠲᠦᠮᠵᠢ ᠳᠤ | ᠪᠤᠢ᠂ ︽ᠴᠢᠩᠭ᠎ᠠ ᠭᠦᠨᠵᠡᠭᠡᠢ ᠨᠠᠷᠢᠨ ᠪᠣᠳᠠᠲᠠᠢ︾ ᠪᠠᠶᠢᠬᠤ ᠶᠢ ᠢᠮᠠᠭᠲᠠ ᠲᠤᠭᠤᠰᠢᠯᠠᠭᠤᠯᠵᠤ᠂ ᠬᠡᠯᠪᠡᠷᠢ ᠶᠢᠨ ᠲᠡᠳᠦᠢ ᠬᠢᠬᠦ᠂ ᠬᠠᠰᠢ ᠶᠠᠰᠢ ᠥᠩᠭᠡᠷᠡᠭᠦᠯᠬᠦ ᠶᠢ ᠡᠷᠡᠰ | ᠰᠡᠷᠭᠡᠶᠢᠯᠡᠵᠦ᠂ ᠵᠥᠪᠬᠡᠨ ᠣᠷᠣ ᠮᠥᠷ ᠦᠯᠡᠳᠡᠭᠡᠳ ᠰᠠᠨᠠᠭᠠᠨ ᠳᠤ ᠪᠠᠨ ᠥᠯᠥ ᠠᠪᠬᠤ ᠶᠢ ᠴᠢᠩᠭ᠎ᠠ ᠴᠡᠭᠡᠷᠯᠡᠬᠦ ᠬᠡᠷᠡᠭᠲᠡᠢ ᠭᠡᠵᠦ ᠲᠠᠬᠢᠨ ᠳᠠᠪᠲᠠᠨ ᠵᠠᠬᠢᠪᠠ᠃ ᠲᠡᠷᠡ | ᠴᠢᠬᠤᠯᠠᠴᠢᠯᠠᠭᠰᠠᠨ ᠨᠢ᠂ ᠦᠨᠡᠨᠴᠢ ᠰᠢᠳᠤᠷᠭᠤ ᠠᠷᠢᠭᠤᠨ ᠴᠡᠪᠡᠷ ᠨᠠᠶᠢᠳᠠᠪᠤᠷᠢᠲᠠᠢ ᠪᠠᠶᠢᠬᠤ ᠡᠨᠡ ᠬᠦ ᠦᠨᠳᠦᠰᠦᠨ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠲᠣᠭᠲᠠᠭᠰᠠᠨ ᠠᠵᠢᠯᠯᠠᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠪᠣᠳᠠᠲᠠᠢ ᠳᠤ ᠰᠠᠭᠤᠷᠢᠯᠠᠨ | ᠠᠵᠢᠯ ᠶᠠᠪᠤᠳᠠᠯ ᠢ ᠥᠪᠡᠷ ᠢᠶᠠᠨ ᠰᠣᠩᠭᠤᠬᠤ ᠶᠢ ᠪᠦᠲᠦᠭᠡᠯᠴᠢ ᠪᠠᠷ ᠥᠷᠨᠢᠭᠦᠯᠵᠦ᠂ ᠦᠨᠡᠨᠴᠢ ᠪᠠᠷ ᠰᠤᠷᠤᠯᠴᠠᠵᠤ ᠭᠦᠨᠵᠡᠭᠡᠢ ᠰᠤᠷᠤᠯᠴᠠᠬᠤ ᠪᠠᠷ ᠳᠠᠮᠵᠢᠨ ᠰᠤᠷᠤᠯᠴᠠᠬᠤ | ᠰᠡᠳᠬᠢᠬᠦ ᠤᠬᠠᠮᠰᠠᠷᠠᠬᠤ ᠠᠵᠢᠯᠯᠠᠬᠤ᠂ ᠮᠡᠳᠡᠬᠦ ᠢᠲᠡᠭᠡᠬᠦ ᠶᠢ ᠨᠢᠭᠡᠳᠬᠡᠬᠦ ᠶᠢ ᠪᠠᠲᠤᠯᠠᠬᠤ ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠤᠭ᠎ᠠ︾ ᠶᠢ ᠠᠳᠬᠤᠨ᠂ | ᠤᠳᠤᠷᠢᠳᠬᠤ ᠺᠠᠳ᠋ᠷ ᠲᠦᠷᠦᠭᠦᠯᠡᠨ ᠬᠢᠵᠦ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠪᠦᠬᠦ ᠺᠠᠳ᠋ᠷ ᠴᠠᠭᠳᠠᠭ᠎ᠠ ᠶᠢ ᠵᠢᠱᠢᠶ᠎ᠡ | ᠦᠵᠡᠭᠦᠯᠦᠨ ᠳᠠᠶᠢᠴᠢᠯᠠᠬᠤ ᠬᠡᠷᠡᠭᠲᠡᠢ᠃ ︽ᠵᠡᠷᠭᠡ ᠪᠠᠷ ᠠᠳᠬᠤᠵᠤ᠂ ᠵᠡᠷᠭᠡ ᠪᠠᠷ ᠠᠬᠢᠭᠤᠯᠬᠤ︾ ᠪᠠ ︽ᠪᠢ ᠤᠯᠠᠨ ᠲᠦᠮᠡᠨ ᠳᠤ ᠪᠣᠳᠠᠲᠠᠶ ᠠᠵᠢᠯ ᠬᠢᠬᠦ︾ ᠶᠠᠪᠤᠳᠠᠯ ᠢ | ᠢᠮᠠᠭᠲᠠ ᠲᠤᠭᠤᠰᠢᠯᠠᠭᠤᠯᠬᠤ ᠬᠡᠷᠡᠭᠲᠡᠢ᠂ ᠣᠯᠤᠭᠰᠠᠨ ᠠᠮᠵᠢᠯᠲᠠ ᠪᠠᠨ ᠬᠡᠲᠦᠷᠬᠡᠶ ᠥᠨᠳᠥᠷ ᠬᠡᠲᠦᠷᠬᠡᠶ ᠡᠷᠲᠡ ᠵᠢᠱᠢᠵᠦ ᠪᠣᠯᠬᠤ ᠦᠭᠡᠢ᠂ ᠬᠦᠷᠦᠯᠴᠡᠬᠦ ᠦᠭᠡᠢ | ᠲᠠᠯ᠎ᠠ ᠪᠠᠨ ᠱᠠᠯᠠᠪᠳᠠᠨ ᠨᠥᠬᠦᠪᠥᠷᠢᠯᠡᠵᠦ᠂ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠴᠠᠭ ᠲᠤᠬᠠᠶ ᠳᠤ ᠨᠢ ᠲᠣᠭᠲᠠᠭᠤᠨ ᠪᠠᠶᠢᠳᠠᠯ ᠢ ᠬᠠᠮᠠᠭᠠᠯᠠᠬᠤ᠂ ᠤᠯᠠᠨ | ᠲᠦᠮᠡᠨ ᠳᠤ ᠦᠢᠯᠡᠴᠢᠯᠡᠬᠦ ᠠᠵᠢᠯ ᠤᠨ ᠬᠥᠳᠡᠯᠭᠡᠭᠴᠢ ᠬᠦᠴᠦᠨ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠢ᠃ | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠯᠢᠨ ᠱᠤᠤ ᠴᠦᠨ ᠪᠠᠰᠠ ᠪᠠᠳᠠᠢ ᠶᠢᠨ ᠵᠢᠷᠠᠨ ᠤ ᠡᠯᠡᠰᠦᠨ ᠴᠥᠯ ᠤᠨ ᠭᠦᠨ ᠳᠠᠬᠢ ᠶᠠᠪᠠᠷᠠᠢ | ᠪᠠᠯᠭᠠᠰᠤ ᠶᠢᠨ ᠪᠠᠳᠠᠢ ᠶᠢᠨ ᠵᠢᠷᠠᠨ ᠭᠠᠴᠠᠭ᠎ᠠ ᠳᠤ ᠭᠦᠨᠵᠡᠭᠡᠶᠢᠷᠡᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠪᠠᠶᠢᠴᠠᠭᠠᠨ | ᠰᠤᠳᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠢᠯᠡᠳᠪᠦᠷᠢᠯᠡᠯ ᠢ ᠬᠥᠭᠵᠢᠭᠦᠯᠵᠦ᠂ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠤᠯᠠᠨ ᠲᠦᠮᠡᠨ ᠢ ᠨᠢᠭᠲᠠᠷᠠᠭᠤᠯᠤᠨ | ᠬᠦᠳᠦᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ | ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠢ ᠡᠷᠬᠡᠪᠰᠢ ᠰᠠᠶᠢᠲᠤᠷ ᠬᠠᠮᠠᠭᠠᠯᠠᠨ᠂ ᠪᠣᠬᠢᠷ | ᠤᠰᠤ ᠬᠤᠭ ᠨᠣᠪᠰᠢ ᠶᠢ ᠰᠠᠶᠢᠲᠤᠷ ᠰᠢᠢᠳᠪᠦᠷᠢᠯᠡᠵᠦ᠂ ᠦᠷ᠎ᠡ ᠬᠤᠶᠢᠴᠢᠰ ᠲᠤ ᠪᠠᠨ ᠰᠠᠶᠢᠨ ᠰᠠᠶᠢᠬᠠᠨ ᠬᠥᠭᠵᠢᠯᠲᠡ ᠶᠢᠨ ᠣᠷᠣᠨ ᠵᠠᠢ ᠦᠯᠡᠳᠡᠭᠡᠵᠦ ᠥᠭᠬᠦ ᠬᠡᠷᠡᠭᠲᠡᠢ | ᠭᠡᠵᠦ ᠴᠢᠬᠤᠯᠠᠴᠢᠯᠠᠪᠠ᠃ | |