ᠮᠠᠨ ᠤ ᠣᠷᠣᠨ ᠤ 200 ᠭᠠᠷᠤᠢ ᠲᠦᠮᠡᠨ ᠵᠠᠯᠠᠭᠤᠴᠤᠳ ᠪᠠᠭᠠᠴᠤᠳ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠠᠵᠢᠯᠯᠠᠭ᠎ᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2021/4/6
      ᠬᠠᠩᠰᠢ ᠶᠢᠨ ᠬᠤᠭᠤᠴᠠᠭᠠᠨ ᠳᠤ᠂ ᠮᠠᠨ ᠤ ᠣᠷᠣᠨ ᠤ ᠡᠯ᠎ᠡ ᠭᠠᠵᠠᠷ ᠤᠨ 200 ᠭᠠᠷᠤᠢ ᠲᠦᠮᠡᠨ ᠡᠪᠯᠡᠯ ᠤᠨ ᠭᠡᠰᠢᠭᠦᠨ ᠵᠠᠯᠠᠭᠤᠴᠤᠳ᠂ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠢᠨ᠎ᠡ ᠴᠠᠭ ᠦᠶ᠎ᠡ ᠳᠤ ᠵᠢᠳᠬᠦᠨ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠪᠠ᠃       ᠪᠠᠰᠠ ᠨᠢᠭᠡ ᠵᠢᠯ ᠤᠨ ᠬᠠᠩᠰᠢ ᠶᠢᠨ ᠡᠳᠦᠷ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠲᠡᠦᠬᠡ ᠪᠠᠨ ᠪᠠᠲᠤ ᠴᠡᠭᠡᠵᠢᠯᠡᠪᠡ᠃ 4 ᠳ᠋ᠦ᠋ᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠪᠠᠭᠠᠴᠤᠳ ᠤᠨ ᠠᠵᠢᠯ ᠤᠨ ᠬᠤᠷᠢᠶ᠎ᠠ᠂ ᠬᠥᠬᠡᠬᠤᠲᠠ ᠵᠢᠴᠢ ᠬᠤᠰᠢᠭᠤ ᠰᠢᠶᠠᠨ ᠲᠣᠭᠤᠷᠢᠭ ᠤᠨ ᠡᠪᠯᠡᠯ ᠤᠨ ᠬᠤᠷᠢᠶ᠎ᠠ᠂ ᠪᠠᠭᠠᠴᠤᠳ ᠤᠨ ᠠᠵᠢᠯ ᠤᠨ ᠬᠤᠷᠢᠶ᠎ᠠ ᠶᠢᠨ ᠬᠠᠷᠢᠭᠤᠴᠠᠯᠭᠠᠲᠠᠨ᠂ ᠬᠥᠬᠡᠬᠤᠲᠠ ᠶᠢᠨ ᠦᠨᠳᠦᠰᠦᠲᠡᠨ ᠨᠦᠭᠦᠳ ᠤᠨ ᠪᠠᠭᠠᠴᠤᠳ ᠤᠨ ᠬᠤᠰᠢᠭᠤᠴᠢ ᠠᠩᠭᠢ ᠶᠢᠨ 160 ᠭᠠᠷᠤᠶ ᠲᠥᠯᠥᠭᠡᠯᠡᠭᠴᠢ ᠬᠥᠬᠡᠬᠤᠲᠠ ᠶᠢᠨ ᠴᠢᠩ ᠴᠧᠩ ᠴᠡᠴᠡᠷᠯᠢᠭ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ︽ᠤᠯᠠᠭᠠᠨ ᠪᠥᠴᠡᠲᠡᠨ ᠤ ᠰᠡᠳᠬᠢᠯ ᠨᠠᠮ ᠳᠤ ᠪᠠᠨ ᠲᠡᠮᠡᠦᠯᠵᠦ ᠬᠤᠪᠢᠰᠬᠠᠯ ᠤᠨ ᠣᠴᠢ ᠢ ᠦᠶ᠎ᠡ ᠶᠢᠨ ᠦᠶ᠎ᠡ ᠳᠤ ᠪᠠᠨ ᠤᠯᠠᠮᠵᠢᠯᠠᠶ᠎ᠠ︾ ᠭᠡᠰᠡᠨ ᠰᠡᠳᠦᠪ ᠢᠶᠠᠷ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠱᠦᠭᠦᠷᠳᠡᠨ ᠠᠷᠢᠯᠭᠠᠬᠤ ᠠᠵᠢᠯᠯᠠᠭ᠎ᠠ ᠥᠷᠨᠢᠭᠦᠯᠵᠦ᠂ ᠦᠷᠡᠭᠳᠡᠭᠰᠡᠨ ᠪᠠᠭᠠᠲᠤᠷᠴᠤᠳ ᠢᠶᠠᠨ ᠭᠦᠨ ᠳᠤᠷᠠᠰᠤᠨ ᠰᠠᠨᠠᠭᠠᠯᠵᠠᠪᠠ᠃ ᠠᠵᠢᠯᠯᠠᠭ᠎ᠠ ᠶᠢᠨ ᠳᠤᠮᠳᠠ᠂ ᠪᠦᠬᠦ ᠬᠥᠮᠦᠰ ᠪᠢᠰᠢᠷᠡᠨ ᠬᠦᠨᠳᠦᠳᠬᠡᠬᠦ ᠰᠡᠳᠬᠢᠯᠭᠡ ᠪᠠᠷ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠳᠤ ᠰᠣᠷᠭᠤᠭ ᠴᠡᠴᠡᠭ ᠬᠦᠷᠭᠡᠵᠦ᠂ ᠦᠷᠡᠭᠳᠡᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠶᠢ ᠲᠣᠭᠠᠴᠢᠨ ᠶᠠᠷᠢᠵᠤ᠂ ᠭᠡᠷᠡᠯ ᠰᠠᠴᠤᠷᠠᠩᠭᠤᠢ ᠥᠩᠭᠡᠷᠡᠯᠲᠡ ᠶᠢ ᠡᠷᠭᠢᠴᠡᠭᠦᠯᠪᠡ᠃       ᠬᠠᠩᠰᠢ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠪᠠᠭᠠᠴᠤᠳ ᠤᠨ ᠠᠵᠢᠯ ᠤᠨ ᠬᠤᠷᠢᠶ᠎ᠠ ᠶᠢᠨ ᠬᠢᠨ ︽ᠤᠯᠠᠭᠠᠨ ᠪᠥᠴᠡᠲᠡᠨ ᠤ ᠰᠡᠳᠬᠢᠯ ᠨᠠᠮ ᠳᠤ ᠪᠠᠨ ᠲᠡᠮᠡᠦᠯᠬᠦ︾ ᠭᠤᠣᠯ ᠰᠡᠳᠦᠪ ᠤᠨ ᠲᠣᠭᠤᠷᠢᠨ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ᠂ ᠦᠷᠡᠭᠳᠡᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠶᠢ ᠰᠤᠷᠤᠯᠴᠠᠬᠤ᠂ ᠪᠠᠭᠠᠴᠤᠳ ᠤᠨ ᠬᠤᠰᠢᠭᠤᠴᠢ ᠠᠩᠭᠢ ᠶᠢᠨ ᠶᠣᠰᠣᠯᠠᠯ᠂ ᠭᠤᠣᠯ ᠰᠡᠳᠦᠪᠲᠦ ᠳᠤᠮᠳᠠ ᠠᠩᠭᠢ ᠶᠢᠨ ᠬᠤᠷᠠᠯ᠂ ᠰᠦᠯᠵᠢᠶᠡᠨ ᠳᠡᠭᠡᠷ᠎ᠡ ᠦᠷᠡᠭᠳᠡᠭᠰᠡᠨ ᠪᠠᠭᠠᠲᠤᠷᠴᠤᠳ ᠲᠤ ᠴᠡᠴᠡᠭ ᠡᠷᠭᠦᠬᠦ ᠵᠡᠷᠭᠡ ᠪᠣᠳᠠᠲᠠᠶ᠂ ᠠᠮᠢᠳᠤᠯᠢᠭ᠂ ᠬᠠᠯᠠᠭᠤᠨ ᠳᠤᠯᠠᠭᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ︽ᠬᠤᠪᠢᠰᠬᠠᠯ ᠤᠨ ᠠᠵᠢᠯᠯᠠᠭ᠎ᠠ ᠳᠤ ᠣᠷᠤᠯᠴᠠᠬᠤ︾ ᠰᠤᠷᠤᠯᠴᠠᠯᠭ᠎ᠠ ᠦᠢᠯᠡᠳᠦᠯᠭᠡ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠢ ᠬᠦᠳᠦᠯᠦᠨ ᠵᠢᠯᠣᠭᠤᠳᠴᠤ ᠦᠷᠡᠭᠳᠡᠭᠰᠡᠨ ᠪᠠᠭᠠᠲᠤᠷᠴᠤᠳ ᠤᠨ ᠦᠷᠡᠭᠳᠡᠯ ᠪᠠ ᠬᠤᠪᠢ ᠨᠡᠮᠡᠷᠢ ᠶᠢ ᠡᠭᠦᠷᠢᠳᠡ ᠪᠠᠲᠤ ᠴᠡᠭᠡᠵᠢᠯᠡᠭᠦᠯᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠬᠥᠭᠵᠢᠭᠡᠵᠦ᠂ ᠪᠠᠭᠠᠴᠤᠳ ᠤᠨ ᠬᠤᠰᠢᠭᠤᠴᠢ ᠠᠩᠬᠢ ᠶᠢᠨ ᠵᠣᠬᠢᠶᠠᠨ ᠪᠠᠶᠢᠭᠤᠯᠤᠯᠲᠠ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠦᠷᠨᠢᠭᠦᠯᠬᠦ ᠪᠦᠲᠦᠮᠵᠢᠲᠦ ᠴᠢᠨᠠᠷ᠂ ᠨᠥᠯᠥᠭᠡᠯᠡᠬᠦ ᠬᠦᠴᠦᠨ ᠢ ᠳᠠᠰᠤᠷᠠᠯᠳᠠ ᠦᠬᠡᠢ ᠴᠢᠩᠭᠠᠳᠬᠠᠪᠠ᠃       ᠡᠨᠡ ᠬᠤᠭᠤᠴᠠᠭᠠᠨ ᠳᠤ᠂ ᠪᠦᠬᠦ ᠣᠷᠣᠨ ᠤ ᠡᠯ᠎ᠡ ᠭᠠᠵᠠᠷ ᠤᠨ ᠡᠪᠯᠡᠯ ᠤᠨ ᠭᠡᠰᠢᠭᠦᠨ ᠵᠠᠯᠠᠭᠤᠴᠤᠳ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠣᠷᠳᠣᠨ᠂ ᠳᠤᠷᠠᠰᠬᠠᠯ ᠤᠨ ᠬᠦᠷᠢᠶᠡᠯᠡᠩ᠂ ᠬᠠᠭᠤᠴᠢᠨ ᠰᠠᠭᠤᠴᠠ᠂ ᠬᠠᠭᠤᠴᠢᠨ ᠪᠠᠭᠤᠷᠢ ᠵᠡᠷᠭᠡ ᠳᠤ ᠬᠦᠷᠴᠦ᠂ ᠦᠷᠡᠭᠳᠡᠭᠰᠡᠨ ᠪᠠᠭᠠᠲᠤᠷᠴᠤᠳ ᠢᠶᠠᠨ ᠭᠦᠨ ᠳᠤᠷᠠᠰᠤᠨ ᠰᠠᠨᠠᠭᠠᠯᠵᠠᠵᠤ᠂ ᠪᠠᠭᠠᠲᠤᠷᠴᠤᠳ ᠤᠨ ᠤᠯᠤᠰ ᠠᠷᠠᠳ ᠤᠨ ᠲᠥᠯᠥᠭᠡ ᠭᠡᠬᠦ ᠡᠷᠬᠢᠮ ᠳᠡᠭᠡᠳᠦ ᠬᠠᠶᠢᠷ᠎ᠠ ᠰᠡᠳᠬᠢᠯᠭᠡ ᠶᠢ ᠭᠦᠨ ᠣᠶᠢᠯᠠᠭᠠᠵᠤ᠂ ᠲᠡᠳᠡᠨ ᠤ ᠶᠠᠭᠤᠨ ᠠᠴᠠ ᠴᠤ ᠴᠣᠴᠠᠬᠤ ᠦᠭᠡᠢ ᠵᠣᠷᠢᠭ ᠰᠠᠨᠠᠭ᠎ᠠ ᠶᠢ ᠳᠤᠷᠠᠰᠤᠨ ᠰᠠᠨᠠᠭᠠᠯᠵᠠᠪᠠ᠃      ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠡᠪᠯᠡᠯ ᠤᠨ ᠬᠤᠷᠢᠶ᠎ᠠ ᠡᠪᠯᠡᠯ ᠤᠨ ᠭᠡᠰᠢᠭᠦᠨ ᠵᠠᠯᠠᠭᠤᠴᠤᠳ ᠢ ᠵᠣᠬᠢᠶᠠᠨ ᠪᠠᠶᠢᠭᠤᠯᠵᠤ ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠳᠠ ᠶᠢᠨ ᠦ᠋ ᠶᠦᠨ ᠳ᠋ᠦᠸᠧ ᠶᠢᠨ ᠱᠤᠭᠤᠮᠠᠯ ᠤᠨ ᠡᠮᠦᠨ᠎ᠡ ︽ᠨᠠᠮ ᠤᠨ ᠲᠡᠦᠬᠡ ᠶᠢ ᠰᠤᠷᠤᠯᠴᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠢᠶᠠᠨ ᠳᠠᠭᠠᠨ᠎ᠠ︾ ᠭᠡᠰᠡᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠦ᠋ ᠶᠦᠨ ᠳ᠋ᠦᠸᠧ ᠶᠢᠨ ᠪᠠᠭᠠᠲᠤᠷᠯᠢᠭ ᠦᠢᠯᠡ ᠠᠵᠢᠯᠯᠠᠭ᠎ᠠ ᠶᠢ ᠰᠤᠷᠤᠯᠴᠠᠬᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠡᠷᠭᠢᠴᠡᠭᠦᠯᠬᠦ᠂ ᠰᠣᠷᠭᠤᠭ ᠴᠡᠴᠡᠭ ᠬᠦᠷᠭᠡᠬᠦ ᠵᠡᠷᠭᠡ ᠪᠠᠷ ᠳᠠᠮᠵᠢᠨ ᠦᠷᠡᠭᠳᠡᠭᠰᠡᠨ ᠪᠠᠭᠠᠲᠤᠷᠴᠤᠳ ᠢᠶᠠᠨ ᠭᠦᠨ ᠳᠤᠷᠠᠰᠤᠨ ᠰᠠᠨᠠᠭᠠᠯᠵᠠᠵᠤ᠂ ᠵᠠᠯᠠᠭᠤ ᠡᠪᠯᠡᠯ ᠤᠨ ᠭᠡᠰᠢᠭᠦᠳ ᠲᠤ ᠰᠢᠨ᠎ᠡ ᠴᠠᠭ ᠦᠶ᠎ᠡ ᠶᠢᠨ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠵᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠲᠤᠭᠡᠢ ᠭᠡᠵᠦ ᠤᠷᠢᠶᠠᠯᠠᠪᠠ᠃ ᠬᠢᠩᠭᠠᠨ ᠤ ᠢᠯᠴᠢ ᠶᠢᠨ ᠴᠠᠬᠢᠯᠭᠠᠨ ᠤ ᠺᠣᠮᠫᠠᠨᠢ ᠶᠢᠨ ᠠᠵᠢᠯᠯᠠᠭᠠᠨ ᠤ ᠬᠡᠯᠲᠡᠰ ᠤᠨ ᠨᠠᠮ ᠤᠨ ᠡᠭᠦᠷ ᠨᠠᠮ ᠤᠨ ᠭᠡᠰᠢᠭᠦᠨ᠂ ᠡᠪᠯᠡᠯ ᠤᠨ ᠭᠡᠰᠢᠭᠦᠨ ᠢ ᠵᠣᠬᠢᠶᠠᠨ ᠪᠠᠶᠢᠭᠤᠯᠤᠨ ᠤᠯᠠᠭᠠᠨᠬᠤᠲᠠ ᠶᠢᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠬᠦᠷᠴᠦ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠰᠠᠨᠠᠭᠠᠯᠵᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠤᠯᠠᠨ ᠢᠶᠠᠷ ᠢᠶᠠᠨ ᠢᠯᠡᠳᠬᠡᠬᠦ ᠳᠤ ᠪᠠᠨ᠂ ᠦᠷᠡᠭᠳᠡᠭᠰᠡᠨ ᠪᠠᠭᠠᠲᠤᠷᠴᠤᠳ ᠤᠨ ᠡᠷᠬᠢᠮ ᠳᠡᠭᠡᠳᠦ ᠵᠣᠷᠢᠭ ᠰᠠᠨᠠᠭ᠎ᠠ ᠶᠢ ᠰᠤᠷᠤᠯᠴᠠᠵᠥ᠂ ᠲᠡᠦᠬᠡ ᠶᠢ ᠰᠤᠷᠤᠯᠴᠠᠵᠦ ᠶᠣᠰᠣ ᠤᠴᠢᠷ ᠢ ᠣᠶᠢᠯᠠᠭᠠᠬᠤ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠠᠤᠭ᠎ᠠ ᠬᠦᠴᠦᠨ ᠪᠣᠯᠭᠠᠬᠤ ᠶᠢ ᠭᠦᠨᠵᠡᠭᠡᠢ ᠦᠢᠯᠡᠳᠦᠯᠭᠡᠵᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠡᠨ ᠪᠣᠳᠠᠲᠠᠢ ᠭᠦᠨ ᠭᠦᠨᠵᠡᠭᠡᠢ ᠬᠢᠵᠦ᠂ ᠲᠠᠷᠢᠬᠢᠨ ᠳᠤ ᠬᠠᠳᠠᠩᠰᠢᠭᠤᠯᠵᠤ ᠰᠡᠳᠬᠢᠯ ᠳᠤ ᠬᠤᠨᠤᠭᠰᠢᠭᠤᠯᠤᠨ᠎ᠠ ᠭᠡᠪᠡ᠃      ︽ᠥᠨᠥᠳᠦᠷ ᠪᠢᠳᠡ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠪᠠᠶᠢᠭ᠎ᠠ ᠨᠢ ᠳᠠᠷᠤᠶ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ ᠪᠠᠶᠢᠭ᠎ᠠ ᠶᠠᠪᠤᠳᠠᠯ ᠮᠥᠨ᠂ ᠪᠢᠳᠡ ᠲᠡᠳᠡᠨ ᠤ ᠠᠭᠤᠤ ᠭᠠᠪᠢᠶ᠎ᠠ ᠠᠤᠭ᠎ᠠ ᠵᠢᠳᠬᠦᠯ ᠪᠣᠯᠤᠨ ᠠᠭᠤᠤ ᠶᠡᠭᠡ ᠵᠣᠷᠢᠭ ᠰᠠᠨᠠᠭ᠎ᠠ ᠶᠢ ᠥᠨᠢ ᠡᠭᠦᠷᠢᠳᠡ ᠪᠠᠲᠤ ᠴᠡᠭᠡᠵᠢᠯᠡᠨ᠎ᠡ︾ ᠭᠡᠵᠦ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠡᠪᠯᠡᠯ ᠤᠨ ᠬᠤᠷᠢᠶ᠎ᠠ ᠶᠢᠨ ᠳᠡᠳ᠋ ᠱᠦᠵᠢ ᠪᠦᠦ ᠸᠧᠨ ᠰᠢᠶᠠᠨ ᠬᠡᠯᠡᠪᠡ᠃︽ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠪᠣᠯ ᠳᠠᠷᠤᠢ ᠪᠠᠭᠠᠲᠤᠷᠴᠤᠳ ᠢ ᠲᠠᠶᠢᠳᠬᠤᠷᠠᠭᠤᠯᠬᠤ ᠶᠠᠪᠤᠳᠠᠯ ᠮᠥᠨ︔ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠪᠣᠯ ᠳᠠᠷᠤᠢ ᠢᠷᠡᠭᠰᠡᠨ ᠵᠠᠮ ᠢᠶᠠᠨ ᠦᠯᠦ ᠮᠠᠷᠲᠠᠬᠤ ᠶᠠᠪᠤᠳᠠᠯ ᠮᠥᠨ︔ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠪᠣᠯ ᠳᠠᠷᠤᠢ ᠡᠭᠦᠷᠭᠡ ᠬᠠᠷᠢᠭᠤᠴᠠᠯᠭ᠎ᠠ ᠪᠠᠨ ᠬᠠᠲᠠᠭᠤᠵᠢᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠣᠷᠤᠨ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠵᠣᠷᠢᠭ ᠰᠠᠨᠠᠭᠠᠨ ᠤ ᠰᠤᠳᠠᠰᠤ ᠪᠠᠨ ᠦᠷᠭᠦᠯᠵᠢᠯᠡᠭᠦᠯᠬᠦ ᠶᠠᠪᠤᠳᠠᠯ ᠮᠥᠨ᠃ ᠵᠠᠯᠠᠭᠤᠴᠤᠳ ᠤᠨ ᠰᠡᠳᠬᠢᠯ ᠨᠠᠮ ᠳᠤ ᠪᠠᠨ ᠬᠠᠨᠳᠤᠵᠤ᠂ ᠴᠢᠷᠮᠠᠶᠢᠨ ᠲᠡᠮᠡᠴᠡᠬᠦ ᠴᠠᠭ ᠦᠶ᠎ᠡ ᠳᠤ᠂ ᠪᠢᠳᠡ ᠰᠢᠨ᠎ᠡ ᠴᠠᠭ ᠦᠶ᠎ᠡ ᠶᠢᠨ ᠰᠢᠨ᠎ᠡ ᠵᠠᠯᠠᠭᠤᠴᠤᠳ ᠪᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠪᠣᠯᠤᠨ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠶᠢᠨ ᠪᠠᠭᠰᠢ ᠯᠢᠶᠠᠩ ᠸᠧᠨ ᠮᠧᠢ ᠬᠡᠯᠡᠪᠡ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ