ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠷᠤᠸᠠᠨ ᠴᠦᠨ ᠹᠦ᠋ ᠶᠢᠨ ᠸᠢᠶᠧᠲᠨᠠᠮ ᠤᠨ ᠤᠯᠤᠰ ᠤᠨ ᠲᠡᠷᠢᠬᠦᠯᠡᠭᠴᠢ ᠪᠠᠷ ᠰᠤᠩᠭᠤᠬᠳᠠᠬᠰᠡᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2021/4/6

      ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠷᠤᠸᠠᠨ ᠴᠦᠨ ᠹᠦ᠋ ᠶᠢᠨ ᠸᠢᠶᠧᠲᠨᠠᠮ ᠤᠨ ᠤᠯᠤᠰ ᠤᠨ ᠲᠡᠷᠢᠬᠦᠯᠡᠭᠴᠢ ᠪᠠᠷ ᠰᠤᠩᠭᠤᠬᠳᠠᠬᠰᠡᠨ ᠳᠤ ᠪᠠᠶᠠᠷ ᠬᠦᠷᠭᠡᠪᠡ

      ᠯᠢ ᠺᠧ ᠴᠢᠶᠠᠩ ᠴᠠᠬᠢᠯᠭᠠᠨ ᠴᠢᠮᠡᠭᠡ ᠶᠠᠪᠤᠭᠤᠯᠵᠤ ᠹᠠᠨ ᠮᠢᠩ ᠵᠧᠩ ᠤᠨ ᠸᠢᠶᠧᠲᠨᠠᠮ ᠤᠨ ᠵᠠᠰᠠᠭ ᠤᠨ ᠤᠷᠳᠤᠨ ᠤ ᠶᠡᠷᠤᠩᠭᠡᠢ ᠰᠠᠶᠢᠳ ᠢᠶᠠᠷ ᠰᠤᠩᠭᠤᠬᠳᠠᠬᠰᠡᠨ ᠳᠤ ᠪᠠᠶᠠᠷ ᠬᠦᠷᠭᠡᠵᠠᠢ
      ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠡ ᠶᠢᠨ 5 ᠤ ᠴᠠᠬᠢᠯᠭᠠᠨ ᠮᠡᠳᠡᠭᠡ  4 ᠰᠠᠷ᠎ᠡ ᠶᠢᠨ 5 ᠤ ᠡᠳᠦᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠷᠤᠸᠠᠨ ᠴᠦᠨ ᠹᠦ᠋ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠬᠦᠨ ᠤ ᠸᠢᠶᠧᠲᠨᠠᠮ ᠤᠨ ᠤᠯᠤᠰ ᠤᠨ ᠲᠡᠷᠢᠬᠦᠯᠡᠭᠴᠢ ᠪᠠᠷ ᠰᠤᠩᠭᠤᠬᠳᠠᠬᠰᠡᠨ ᠳᠤ ᠪᠠᠶᠠᠷ ᠬᠦᠷᠭᠡᠪᠠ᠃
      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠲᠤᠮᠳᠠᠳᠤ ᠸᠢᠶᠧᠲᠨᠠᠮ ᠪᠤᠯ ᠠᠭᠤᠯᠠ ᠤᠰᠤ ᠪᠠᠷ ᠢᠶᠠᠨ ᠵᠠᠯᠭᠠᠯᠳᠤᠬᠰᠡᠨ ᠨᠡᠶᠢᠭᠡᠮ ᠵᠢᠷᠤᠮᠳᠤ ᠬᠦᠷᠰᠢ ᠤᠯᠤᠰ ᠪᠤᠯᠤᠨ᠎ᠡ᠃ ᠨᠢᠳᠤᠨᠤᠨ ᠠᠴᠠ ᠨᠠᠭᠠᠰᠢ᠂ ᠬᠤᠶᠠᠷ ᠲᠠᠯ᠎ᠡ ᠪᠠᠷ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠳᠤ ᠪᠠᠷ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠴᠢᠬᠤᠯᠠ ᠶᠡᠭᠡ ᠦᠷ᠎ᠡ ᠪᠦᠳᠦᠭᠡᠯ ᠤᠯᠵᠤ᠂ ᠬᠤᠶᠠᠷ ᠤᠯᠤᠰ ᠤᠨ ᠬᠠᠷᠢᠯᠴᠠᠭ᠎ᠠ ᠦᠷᠬᠦᠯᠵᠢᠯᠡᠨ ᠰᠠᠶᠢᠨ ᠲᠠᠶᠢᠰᠢ ᠬᠦᠭᠵᠢᠵᠤ᠂ ᠲᠤᠮᠳᠠᠳᠤ ᠸᠢᠶᠧᠲᠨᠠᠮ ᠤᠨ ᠡᠶᠡᠯᠳᠡᠭ ᠬᠦᠷᠰᠢ ᠶᠢᠨ ᠨᠦᠬᠦᠷᠰᠡᠭ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠬᠠᠮᠳᠤ ᠪᠠᠷ ᠪᠢᠴᠢᠭᠯᠡᠵᠠᠢ ᠭᠡᠵᠤ ᠵᠢᠭᠠᠵᠤ ᠭᠠᠷᠭᠠᠪᠠ᠃
      ᠰᠢ ᠶᠢᠨ ᠫᠢᠩ᠂ ᠤᠳᠤᠬᠠᠨ ᠤ ᠲᠡᠯᠡᠭᠡᠢ ᠶᠢᠷᠳᠢᠨᠴᠤ ᠶᠠᠭ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠳᠠ ᠳᠤ ᠲᠤᠯᠭᠠᠷᠠᠵᠤ ᠪᠠᠶᠢᠨ᠎ᠡ᠂ ᠲᠤᠮᠳᠠᠳᠤ ᠸᠢᠶᠧᠲᠨᠠᠮ ᠤᠨ ᠬᠠᠷᠢᠯᠴᠠᠭ᠎ᠠ ᠪᠠ ᠬᠤᠶᠠᠷ ᠤᠯᠤᠰ ᠤᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠳᠠ ᠶᠢᠨ ᠦᠢᠯᠡᠰ ᠤᠷᠢᠳᠤᠬᠢ ᠶᠢ ᠵᠠᠯᠭᠠᠮᠵᠢᠯᠠᠵᠤ ᠬᠤᠶᠢᠰᠢᠬᠢ ᠶᠢ ᠰᠡᠩᠭᠡᠷᠡᠬᠦᠯᠬᠦ ᠵᠠᠩᠭᠢᠯᠠᠭ᠎ᠠ ᠶᠢᠨ ᠱᠠᠳᠤᠨ ᠳᠤ ᠤᠷᠤᠪᠠ᠃ ᠪᠢ ᠲᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠬᠦᠭᠵᠢᠯᠳᠠ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠡ᠂ ᠲᠤᠷᠠᠳᠠᠶ᠎ᠡ ᠲᠠᠨ ᠲᠠᠢ ᠬᠠᠮᠳᠤ ᠪᠠᠷ ᠴᠢᠷᠮᠠᠶᠢᠵᠤ᠂ ᠬᠤᠶᠠᠷ ᠲᠠᠯ᠎ᠡ ᠳᠤ ᠪᠦᠷ ᠪᠠᠶᠢᠯᠳᠤᠬᠤ ᠪᠤᠳᠤᠯᠭ᠎ᠠ ᠶᠢᠨ ᠠᠴᠢ ᠬᠤᠯᠪᠤᠬᠳᠠᠯ ᠲᠠᠢ ᠬᠤᠪᠢ ᠵᠠᠶᠠᠭᠠᠨ ᠤ ᠬᠠᠮᠳᠤ ᠴᠤᠬᠴᠠ ᠶᠢ ᠪᠠᠶᠢᠭᠤᠯᠬᠤ ᠪᠠᠷ ᠤᠳᠤᠷᠢᠳᠤᠮᠵᠢ ᠪᠤᠯᠭᠠᠵᠤ᠂ ᠬᠤᠶᠠᠷ ᠤᠯᠤᠰ ᠤᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠨᠡᠩ ᠶᠡᠭᠡ ᠰᠢᠨ᠎ᠡ ᠦᠷ᠎ᠡ ᠪᠦᠳᠦᠭᠡᠯ ᠤᠯᠬᠤ ᠶᠢ ᠠᠬᠢᠭᠤᠯᠵᠤ᠂ ᠬᠤᠶᠠᠷ ᠤᠯᠤᠰ ᠪᠠ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠤᠨ᠎ᠡ ᠭᠡᠵᠤ ᠴᠢᠬᠤᠯᠠᠴᠢᠯᠠᠵᠠᠢ᠃
      ᠲᠤᠰ ᠡᠳᠤᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠭᠡᠢ ᠰᠠᠶᠢᠳ ᠯᠢ ᠺᠧ ᠴᠢᠶᠠᠩ ᠴᠠᠬᠢᠯᠭᠠᠨ ᠴᠢᠮᠡᠭᠡ ᠶᠠᠪᠤᠭᠤᠯᠵᠤ ᠹᠠᠨ ᠮᠢᠩ ᠵᠧᠩ ᠤᠨ ᠸᠢᠶᠧᠲᠨᠠᠮ ᠤᠨ ᠵᠠᠰᠠᠭ ᠤᠨ ᠤᠷᠳᠤᠨ ᠤ ᠶᠡᠷᠤᠩᠭᠡᠢ ᠰᠠᠶᠢᠳ ᠢᠶᠠᠷ ᠰᠤᠩᠭᠤᠬᠳᠠᠬᠰᠡᠨ ᠳᠤ ᠪᠠᠶᠠᠷ ᠬᠦᠷᠭᠡᠵᠤ᠂ ᠲᠤᠷᠠᠳᠠᠶ᠎ᠡ ᠶᠡᠷᠤᠩᠭᠡᠢ ᠰᠠᠶᠢᠳ ᠹᠠᠨ ᠮᠢᠩ ᠵᠧᠩ ᠯᠦᠭᠡ ᠬᠠᠮᠳᠤ ᠪᠠᠷ ᠴᠢᠷᠮᠠᠶᠢᠵᠤ᠂ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠵᠤᠯᠭᠠᠯᠴᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠬᠠᠷᠢᠯᠴᠠᠨ ᠠᠰᠢᠭᠲᠠᠢ ᠬᠠᠮᠳᠤ ᠪᠠᠷ ᠠᠰᠢᠭ ᠬᠦᠷᠳᠡᠬᠦ ᠬᠠᠮᠳᠤᠷᠠᠯᠴᠠᠭᠠᠨ ᠤ ᠪᠠᠶᠢᠷᠢᠰᠢᠯ ᠢ ᠱᠠᠯᠠᠪᠳᠠᠭᠤᠯᠤᠨ ᠪᠠᠶᠢᠭᠤᠯᠵᠤ᠂ ᠲᠤᠮᠳᠠᠳᠤ ᠸᠢᠶᠧᠲᠨᠠᠮ ᠤᠨ ᠡᠶᠠᠯᠳᠡᠭ ᠬᠦᠷᠰᠢ ᠶᠢᠨ ᠨᠦᠬᠦᠷᠰᠡᠭ ᠬᠠᠷᠢᠯᠴᠠᠭ᠎ᠠ ᠪᠠ ᠪᠦᠬᠦ ᠲᠠᠯ᠎ᠡ ᠶᠢᠨ ᠬᠠᠮᠳᠤᠷᠠᠯᠴᠠᠭᠠᠨ ᠤ ᠬᠠᠷᠢᠯᠴᠠᠭ᠎ᠠ ᠶᠢᠨ ᠬᠦᠭᠵᠢᠯᠳᠠ ᠳᠤ ᠢᠳᠡᠪᠬᠢᠳᠠᠢ ᠬᠤᠪᠢ ᠨᠠᠮᠠᠷᠢ ᠦᠵᠡᠬᠦᠯᠤᠨ᠎ᠡ ᠭᠡᠵᠤ ᠢᠯᠡᠳᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ