ᠴᠢ ᠭᠦᠸᠧ ᠰᠢᠶᠠᠨ
ᠨᠡᠶᠢᠲᠡᠯᠡᠭᠰᠡᠨ ᠴᠠᠭ᠄
2021/4/7
奇国贤.jpg
      ᠴᠢ ᠭᠦᠸᠧ ᠰᠢᠶᠠᠨ ︵1910 ~ 1942︶ ᠮᠣᠩᠭᠤᠯ ᠦᠨᠳᠦᠰᠦᠲᠡᠨ᠃ ᠮᠣᠩᠭᠤᠯ ᠨᠡᠷ᠎ᠡ ᠨᠢ ᠳᠣᠪᠴᠢᠨᠳᠣᠷᠵᠢ᠃ ᠶᠡᠭᠡ ᠵᠣᠣ ᠶᠢᠨ ᠴᠢᠭᠤᠯᠭᠠᠨ︵ᠣᠳᠣ ᠶᠢᠨ ᠣᠷᠳᠤᠰ ᠬᠤᠲᠠ︶᠎ ᠤ ᠦᠦᠰᠢᠨ ᠬᠤᠰᠢᠭᠤᠨ ᠤ ᠬᠦᠮᠦᠨ᠃ ᠦᠦᠰᠢᠨ ᠬᠤᠰᠢᠭᠤᠨ ᠤ ᠸᠠᠩ ᠤᠨ ᠣᠷᠳᠤᠨ ᠤ ᠪᠢᠴᠢᠭᠡᠴᠢ᠂ ᠪᠠᠷᠠᠭᠤᠨ ᠨᠣᠶᠠᠨ ᠤ ᠣᠷᠳᠤᠨ ᠤ ᠳᠡᠳ᠋ ᠲᠤᠰᠠᠯᠠᠭᠴᠢ᠂ ᠲᠤᠰᠠᠯᠠᠭᠴᠢ ᠲᠤᠰᠢᠶᠠᠯ ᠳᠤ ᠪᠠᠶᠢᠪᠠ᠃ ︽ᠳᠤᠭᠤᠶᠢᠯᠠᠩ︾᠎ ᠤᠨ ᠬᠦᠳᠡᠯᠭᠡᠭᠡᠨ ᠤ ᠨᠦᠯᠦᠭᠡ ᠪᠠᠷ ᠬᠤᠪᠢᠰᠬᠠᠯ ᠢ ᠰᠠᠶᠢᠰᠢᠶᠠᠨ ᠳᠡᠮᠵᠢᠬᠦ ᠪᠣᠯᠵᠠᠢ᠃ᠶᠠᠫᠣᠨ ᠢ ᠡᠰᠡᠷᠭᠦᠴᠡᠬᠦ ᠳᠠᠶᠢᠨ ᠤ ᠡᠬᠢᠨ ᠤ ᠦᠶ᠎ᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠠᠫᠣᠨ ᠢ ᠡᠰᠡᠷᠭᠦᠴᠡᠬᠦ ᠦᠨᠳᠦᠰᠦᠲᠡᠨ ᠤ ᠨᠢᠭᠡᠳᠦᠮᠡᠯ ᠹᠷᠣᠨᠲ ᠤᠨ ᠵᠣᠷᠢᠯᠲᠠ ᠶᠢ ᠬᠦᠯᠢᠶᠡᠨ ᠠᠪᠴᠤ᠂ ᠦᠨᠳᠦᠰᠦᠲᠡᠨ ᠤ ᠴᠢᠯᠦᠭᠡᠯᠡᠯᠲᠡ ᠶᠢᠨ ᠦᠢᠯᠡᠰ ᠲᠤ ᠣᠷᠤᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠤᠴᠠ ᠠᠵᠢᠯᠲᠠᠨ ᠨᠠᠷ ᠢ ᠣᠯᠠᠨᠲᠠ ᠳᠠᠯᠳᠠᠯᠠᠨ ᠬᠠᠮᠠᠭᠠᠯᠠᠵᠤ᠂ ᠮᠣᠷᠢ ᠤᠨᠤᠭ᠎ᠠ ᠵᠡᠷᠭᠡ ᠴᠡᠷᠢᠭ ᠤᠨ ᠪᠠᠷᠠᠭ᠎ᠠ ᠪᠠᠷ ᠲᠤᠰᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠠᠵᠢᠯ ᠤᠨ ᠬᠤᠷᠢᠶ᠎ᠠ ᠠᠴᠠ ᠮᠣᠩᠭᠤᠯ ᠸᠠᠩ ᠭᠦᠩ ᠨᠠᠷ ᠲᠤ ᠨᠢᠭᠡᠲᠦᠮᠡᠯ ᠹᠷᠤᠨᠲ ᠤᠨ ᠠᠵᠢᠯ ᠬᠢᠬᠦ ᠳᠤ ᠬᠠᠮᠵᠢᠯᠴᠠᠭᠰᠠᠨ ᠠᠴᠠ᠂ ᠳᠠᠶᠢᠰᠤᠨ ᠤ ᠭᠤᠣᠯ ᠪᠣᠯᠬᠤ ᠬᠢᠨᠠᠯᠲᠠ ᠲᠠᠯᠪᠢᠬᠤ ᠡᠲᠡᠭᠡᠳ ᠪᠣᠯᠵᠠᠢ᠃ 1942 ᠣᠨ ᠤ 11 ᠰᠠᠷ᠎ᠠ ᠳᠤ ᠵᠠᠰᠠᠭ ᠬᠤᠰᠢᠭᠤᠨ ᠳᠠᠬᠢ ᠰᠦᠢᠶᠤᠸᠠᠨ ᠤ ᠮᠣᠩᠭᠤᠯ ᠵᠠᠰᠠᠭ ᠤᠨ ᠬᠤᠷᠠᠯ ᠳᠤ ᠣᠷᠤᠯᠴᠠᠬᠤ ᠵᠠᠮ ᠵᠠᠭᠤᠷ᠎ᠠ ᠶᠡᠭᠡ ᠵᠣᠣ ᠶᠢᠨ ᠴᠢᠭᠤᠯᠭᠠᠨ ᠤ ᠰᠠᠬᠢᠭᠤᠯ ᠠᠷᠮᠢ ᠶᠢᠨ ᠶᠡᠷᠦᠩᠬᠡᠢ ᠺᠣᠮᠠᠨᠳ᠋ᠯᠠᠭᠴᠢ ᠴᠧᠨ ᠴᠠᠩ ᠵᠢᠶᠧ ᠳᠤ ᠪᠠᠷᠢᠪᠴᠢᠯᠠᠭᠳᠠᠵᠤ᠂ ᠮᠦᠨ ᠵᠢᠯ ᠤᠨ 11 ᠰᠠᠷ᠎ᠠ ᠳᠤ ᠪᠠᠭᠠᠲᠤᠷᠯᠢᠭ ᠢᠶᠠᠷ ᠪᠡᠶ᠎ᠡ ᠦᠷᠡᠭᠳᠡᠵᠡᠢ᠃
ᠢᠷᠡᠯᠲᠡ᠄ ︽ᠮᠣᠩᠭᠤᠯ ᠦᠨᠳᠦᠰᠦᠲᠡᠨ ᠤ ᠪᠦᠷᠢᠨ ᠲᠣᠯᠢ︾