ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠪᠥᠬᠦ ᠣᠷᠣᠨ ᠤ ᠨᠡᠶᠢᠭᠡᠮ ᠤᠨ ᠶᠡᠭᠡ ᠪᠠᠶᠢᠳᠠᠯ ᠲᠣᠭᠲᠠᠭᠤᠨ᠂ ᠠᠮᠤᠷ ᠢ ᠬᠠᠮᠠᠭᠠᠯᠠᠬᠤ ᠡᠮᠬᠢ ᠳᠢᠭᠯᠢᠮ ᠰᠠᠶᠢᠨ
ᠨᠡᠶᠢᠲᠡᠯᠡᠭᠰᠡᠨ ᠴᠠᠭ᠄
2021/4/7
      4 ᠳ᠋ᠦ᠋ᠭᠡᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠮᠡᠳᠡᠭᠡ ᠵᠠᠩᠭᠢ ᠶᠢᠨ ᠵᠢᠯᠣᠭᠤᠳᠬᠤ ᠲᠥᠪ ᠠᠴᠠ ᠣᠶᠢᠯᠠᠭᠠᠭᠰᠠᠨ ᠢᠶᠠᠷ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠪᠥᠬᠦ ᠣᠷᠣᠨ ᠤ ᠨᠡᠶᠢᠭᠡᠮ ᠤᠨ ᠶᠡᠭᠡ ᠪᠠᠶᠢᠳᠠᠯ ᠲᠣᠭᠲᠠᠭᠤᠨ᠂ ᠠᠮᠤᠷ ᠢ ᠬᠠᠮᠠᠭᠠᠯᠠᠬᠤ ᠡᠮᠬᠢ ᠳᠢᠭᠯᠢᠮ ᠰᠠᠶᠢᠨ ᠪᠠᠶᠢᠵᠤ᠂ ᠨᠥᠯᠥᠭᠡ ᠪᠥᠬᠦᠶ ᠡᠷᠡᠭᠦᠤ ᠶᠢᠨ ᠬᠡᠷᠡᠭ᠂ ᠠᠮᠤᠷ ᠲᠦᠪᠰᠢᠨ ᠤ ᠬᠡᠷᠡᠭ ᠪᠠ ᠣᠯᠠᠨ ᠨᠡᠶᠢᠲᠡ ᠶᠢᠨ ᠴᠢᠨᠠᠷᠲᠠᠶ ᠬᠡᠷᠡᠭ ᠭᠠᠷᠤᠭᠰᠠᠨ ᠥᠬᠡᠶ᠂ ᠬᠦᠨᠳᠦ ᠶᠡᠭᠡ ᠣᠨᠴᠠ ᠶᠡᠭᠡ ᠵᠠᠮ ᠬᠠᠷᠢᠯᠴᠠᠭᠠᠨ ᠤ ᠠᠳᠡᠯ ᠪᠠ ᠣᠯᠠᠨ ᠨᠡᠶᠢᠲᠡ ᠶᠢᠨ ᠠᠮᠤᠷ ᠲᠦᠪᠰᠢᠨ ᠤ ᠬᠡᠷᠡᠭ ᠡᠭᠦᠰᠦᠭᠰᠡᠨ ᠥᠬᠡᠶ᠂ ᠡᠯ᠎ᠡ ᠭᠤᠤᠯᠳᠠᠯᠭ᠎ᠠ ᠲᠠᠢ ᠣᠷᠣᠨ ᠪᠦᠰᠡ᠂ ᠦᠵᠡᠮᠵᠢ ᠶᠢᠨ ᠣᠷᠣᠨ ᠡᠮᠬᠢ ᠳᠢᠭᠯᠢᠮ ᠲᠠᠢ ᠪᠠᠶᠢᠵᠤ᠂ ᠣᠯᠠᠨ ᠲᠦᠮᠡᠨ ᠤ ᠳᠠᠬᠢᠯᠭ᠎ᠠ᠂ ᠠᠶᠠᠯᠠᠵᠤ ᠵᠢᠭᠤᠯᠠᠴᠢᠯᠠᠬᠤ ᠵᠡᠷᠭᠡ ᠠᠵᠢᠯᠯᠠᠭ᠎ᠠ ᠠᠮᠤᠷ ᠲᠦᠪᠰᠢᠨ ᠢᠶᠠᠷ ᠤᠷᠤᠭᠰᠢᠲᠠᠶ ᠶᠠᠪᠤᠭᠳᠠᠵᠠᠢ᠃      ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠠᠩᠰᠢ ᠶᠢᠨ ᠡᠳᠦᠷ ᠤᠨ ᠣᠯᠠᠨ ᠲᠦᠮᠡᠨ ᠤ ᠳᠠᠬᠢᠯᠭ᠎ᠠ᠂ ᠡᠪᠡᠰᠦ ᠴᠡᠴᠡᠭ ᠰᠣᠨᠢᠷᠬᠠᠬᠤ ᠵᠢᠴᠢ ᠳᠤᠮᠳᠠ ᠣᠶᠢᠷ᠎ᠠ ᠵᠠᠮ ᠤᠨ ᠬᠤᠪᠢ ᠶᠢᠨ ᠮᠠᠰᠢᠨ ᠲᠡᠷᠭᠡ ᠪᠠᠷ ᠵᠤᠭᠠᠴᠠᠬᠤ ᠠᠵᠢᠯᠯᠠᠭ᠎ᠠ ᠳᠤ ᠴᠢᠭᠯᠡᠭᠦᠯᠵᠦ᠂ ᠪᠣᠷᠣᠭᠠᠨ᠂ ᠮᠠᠨᠠᠨ᠂ ᠡᠯᠡᠰᠦ ᠲᠣᠭᠤᠰᠣ ᠵᠡᠷᠭᠡ ᠮᠠᠭᠤ ᠴᠠᠭ ᠠᠭᠤᠷ ᠤᠨ ᠪᠠᠶᠢᠳᠠᠯ ᠳᠤ ᠬᠠᠨᠳᠤᠭᠤᠯᠤᠨ ᠴᠠᠭᠳᠠᠭᠠᠨ ᠤ ᠬᠦᠴᠦᠨ ᠳᠤ ᠪᠠᠨ ᠰᠢᠨᠵᠢᠯᠡᠬᠦ ᠤᠬᠠᠭᠠᠨᠴᠢ ᠲᠣᠬᠢᠷᠠᠭᠤᠯᠤᠯᠲᠠ ᠬᠢᠵᠦ᠂ ᠰᠡᠷᠡᠮᠵᠢᠯᠡᠭᠦᠯᠬᠦ ᠨᠣᠷᠮ᠎ᠠ᠂ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠲᠠᠬᠢᠯᠭ᠎ᠠ ᠶᠢᠨ ᠠᠵᠢᠯᠯᠠᠭ᠎ᠠ ᠲᠥᠪᠯᠡᠷᠡᠭᠰᠡᠨ ᠭᠠᠵᠠᠷ ᠣᠷᠣᠨ ᠪᠠ ᠤᠯᠤᠰ ᠲᠥᠷᠥ ᠶᠢᠨ ᠲᠥᠪ ᠲᠣᠭᠤᠷᠢᠭ᠂ ᠬᠤᠳᠠᠯᠳᠤᠭᠠᠨ ᠤ ᠬᠥᠭᠵᠢᠶᠡᠨ ᠨᠠᠷᠭᠢᠶᠠᠨ ᠲᠠᠢ ᠲᠣᠭᠤᠷᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠡᠷᠭᠡᠨ ᠥᠷᠲᠡᠭᠡ ᠵᠡᠷᠭᠡ ᠣᠯᠠᠨ ᠨᠡᠶᠢᠲᠡ ᠶᠢᠨ ᠠᠮᠤᠷ ᠲᠦᠪᠰᠢᠨ ᠤ ᠪᠠᠶᠢᠳᠠᠯ ᠪᠤᠳᠤᠯᠢᠶᠠᠨᠲᠠᠶ ᠲᠠᠯᠠᠪᠤᠷ᠂ ᠭᠤᠤᠯᠳᠠᠯᠭ᠎ᠠ ᠲᠠᠢ ᠵᠠᠮ ᠤᠨ ᠬᠡᠰᠡᠭ ᠤᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠫᠤᠤ ᠵᠡᠪᠰᠡᠭ ᠳᠡᠯᠪᠡᠷᠡᠬᠦ ᠠᠶᠤᠯᠲᠠᠶ ᠪᠣᠳᠠᠰ᠂ ᠵᠠᠬᠢᠷᠤᠨ ᠬᠠᠮᠢᠶᠠᠷᠤᠯᠲᠠ ᠳᠤ ᠪᠠᠶᠢᠭ᠎ᠠ ᠪᠠᠭᠠᠵᠢ ᠬᠡᠷᠡᠭᠰᠡᠯ᠂ ᠠᠮᠠᠷᠬᠠᠨ ᠦᠢᠯᠡᠳᠴᠦ ᠳᠡᠯᠪᠡᠷᠡᠬᠦ ᠲᠦᠭᠦᠬᠡᠶ ᠮᠠᠲ᠋ᠧᠷᠢᠶᠠᠯ᠂ ᠰᠤᠯᠠ ᠰᠠᠪᠠᠯᠠᠭᠰᠠᠨ ᠴᠢᠶ᠋ᠢᠦ ᠲᠣᠰᠣ ᠵᠡᠷᠭᠡ ᠭᠤᠤᠯᠳᠠᠯᠭ᠎ᠠ ᠲᠠᠢ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠵᠠᠰᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠤᠨ ᠠᠵᠢᠯᠯᠠᠭᠠᠨ ᠤ ᠣᠷᠣᠨ ᠵᠠᠶ ᠶᠢ ᠰᠢᠬᠠᠨ ᠪᠠᠭᠠᠰᠬᠠᠪᠠ᠃ ᠤᠬᠠᠭᠤᠯᠵᠤ ᠬᠥᠲᠥᠯᠦᠨ ᠵᠢᠯᠣᠭᠤᠳᠬᠤ ᠪᠠ ᠰᠡᠷᠡᠮᠵᠢᠯᠡᠭᠦᠯᠦᠨ ᠰᠠᠨᠠᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠳᠡᠭᠡᠳᠦ ᠬᠤᠷᠳᠤ ᠶᠢᠨ ᠵᠠᠰᠠᠮᠠᠯ ᠵᠠᠮ᠂ ᠤᠯᠤᠰ ᠤᠨ ᠵᠠᠮ᠂ ᠮᠤᠵᠢ ᠶᠢᠨ ᠵᠠᠮ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠶᠢᠨ ᠬᠥᠲᠥᠯᠦᠨ ᠵᠢᠯᠣᠭᠤᠳᠴᠤ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠨ᠂ ᠬᠤᠯᠠ ᠵᠠᠮ ᠤᠨ ᠠᠶᠠᠨᠴᠢᠳ ᠤᠨ ᠲᠡᠷᠭᠡ᠂ ᠵᠢᠭᠤᠯᠴᠢᠯᠠᠯ ᠤᠨ ᠳᠠᠭᠠᠭᠠᠴᠢᠯᠠᠭᠰᠠᠨ ᠲᠡᠷᠭᠡ᠂ ᠠᠶᠤᠯ ᠲᠠᠢ ᠪᠣᠳᠠᠰ ᠢ ᠲᠡᠭᠡᠭᠡᠪᠦᠷᠢᠯᠡᠬᠦ ᠲᠡᠷᠭᠡ ᠬᠥᠰᠬᠡ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ︽ᠭᠤᠷᠪᠠ ᠶᠢ ᠬᠡᠲᠦᠷᠡᠭᠦᠯᠵᠦ ᠶᠠᠳᠠᠷᠠᠯ ᠲᠠᠢ ᠪᠠᠷ ᠲᠡᠷᠭᠡ ᠵᠢᠯᠤᠭᠤᠳᠬᠤ︾᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ ᠵᠢᠴᠢ ᠫᠠᠶᠢᠰᠠ ᠥᠬᠡᠶ ᠲᠡᠷᠭᠡ ᠶᠢ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠣᠪᠤᠶᠢᠮ᠎ᠠ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠡᠢ᠃ ᠭᠤᠤᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ ᠨᠢᠭᠡᠴᠢ ᠶᠢᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠢᠯᠭᠠᠨ ᠪᠠᠶᠢᠴᠠᠭᠠᠬᠤ ᠶᠢ ᠴᠢᠩᠭᠠᠳᠬᠠᠵᠤ᠂ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠪᠥᠬᠦ ᠣᠷᠣᠨ ᠤ ᠠᠷᠠᠳ ᠲᠦᠮᠡᠨ ᠤ ᠠᠮᠠᠷᠠᠯᠲᠠ ᠪᠠᠨ ᠠᠮᠤᠷ ᠲᠠᠶᠢᠪᠤᠩ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠪᠠ᠃      ᠠᠮᠠᠷᠠᠯᠲᠠ ᠶᠢᠨ ᠬᠤᠭᠤᠴᠠᠭᠠᠨ ᠳᠤ᠂ ᠪᠦᠬᠦ ᠣᠷᠣᠨ ᠢᠶᠠᠷ ᠢᠶᠠᠨ ᠴᠠᠭᠳᠠᠭᠠᠨ ᠤ ᠬᠦᠴᠦᠨ ᠨᠡᠶᠢᠲᠡ 5.1 ᠲᠦᠮᠡ ᠭᠠᠷᠤᠢ ᠬᠥᠮᠦᠨ ᠤᠳᠠᠭ᠎ᠠ᠂ ᠴᠠᠭᠳᠠᠭᠠᠨ ᠤ ᠲᠡᠷᠭᠡ ᠶᠢ 1.3 ᠲᠦᠮᠡ ᠭᠠᠷᠤᠢ ᠤᠳᠠᠭ᠎ᠠ ᠬᠥᠳᠡᠯᠭᠡᠵᠡᠢ︔ ᠡᠯ᠎ᠡ ᠭᠠᠵᠠᠷ ᠤᠨ ᠬᠢᠨ ᠬᠦᠴᠦᠨ ᠪᠥᠬᠦᠶ ᠰᠡᠷᠡᠮᠵᠢ ᠶᠢᠨ ᠪᠠᠶᠢᠳᠠᠯ ᠢ ᠨᠡᠶᠢᠲᠡ 13691 ᠭᠥᠯᠢᠶᠡᠨ ᠠᠪᠴᠤ᠂ ᠡᠭᠦᠨ ᠳᠤ ᠠᠮᠤᠷ ᠢ ᠬᠠᠮᠠᠭᠠᠯᠠᠬᠤ ᠲᠥᠷᠥᠯ ᠤᠨ ᠰᠡᠷᠡᠮᠵᠢ ᠶᠢᠨ ᠪᠠᠶᠢᠳᠠᠯ 2038 ᠤᠳᠠᠭ᠎ᠠ᠂ ᠡᠷᠡᠭᠦᠤ ᠶᠢᠨ ᠬᠡᠷᠡᠭ ᠤᠨ ᠲᠥᠷᠥᠯ ᠤᠨ ᠰᠡᠷᠡᠮᠵᠢ ᠶᠢᠨ ᠪᠠᠶᠢᠳᠠᠯ 304 ᠪᠣᠶ︔ ᠬᠠᠮᠤᠷᠤᠭᠰᠠᠨ ᠲᠠᠯᠠᠪᠠᠢ ᠶᠡᠭᠡ᠂ ᠬᠤᠯᠠ ᠵᠠᠢ ᠶᠢᠨ ᠲᠦᠭᠵᠢᠷᠡᠯ ᠤᠨ ᠪᠠᠶᠢᠳᠠᠯ ᠭᠠᠷᠤᠭᠰᠠᠨ ᠦᠭᠡᠢ᠂ ᠤᠯᠠᠨ ᠬᠥᠮᠦᠨ ᠦᠬᠦᠵᠦ ᠰᠢᠷᠬᠠᠲᠤᠭᠰᠠᠨ ᠬᠦᠨᠳᠦ ᠶᠡᠭᠡ ᠣᠨᠴᠠ ᠶᠡᠭᠡ ᠵᠠᠮ ᠬᠠᠷᠢᠯᠴᠠᠭᠠᠨ ᠤ ᠠᠳᠡᠯ ᠭᠠᠷᠤᠭᠰᠠᠨ ᠦᠭᠡᠢ︔ ᠪᠥᠬᠦ ᠣᠷᠣᠨ ᠳᠤ ᠶᠡᠷᠦ ᠶᠢᠨ ᠪᠠᠶᠢᠳᠠᠯ ᠠᠴᠠ ᠳᠡᠭᠡᠭᠰᠢᠬᠢ ᠭᠠᠯ ᠤᠨ ᠭᠠᠮᠰᠢᠭ ᠤᠨ ᠪᠠᠶᠢᠳᠠᠯ ᠨᠡᠶᠢᠲᠡ 107 ᠤᠳᠠᠭ᠎ᠠ ᠡᠭᠦᠰᠴᠦ᠂ ᠬᠥᠮᠦᠨ ᠦᠬᠦᠵᠦ ᠠᠳᠡᠭᠰᠡᠨ ᠭᠠᠯ ᠤᠨ ᠭᠠᠮᠰᠢᠭ ᠤᠨ ᠮᠡᠳᠡᠭᠦᠯᠦᠯᠲᠡ ᠶᠢ ᠲᠣᠰᠣᠭᠰᠠᠨ ᠥᠬᠡᠶ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ