ᠮᠠᠨ ᠤ ᠣᠷᠤᠨ ᠤᠯᠤᠰ ᠤᠨ ᠳᠣᠲᠤᠭᠠᠳᠤ ᠶᠢᠨ ᠵᠢᠭᠤᠯᠴᠢᠯᠠᠯ ᠤᠨ ᠣᠷᠤᠯᠭ᠎ᠠ ᠶᠢ 14.22 ᠳ᠋ᠦᠩᠰᠢᠭᠤᠷ ᠲᠥᠭᠦᠷᠢᠭ ᠪᠠᠶᠡᠯᠡᠭᠦᠯᠪᠡ
ᠨᠡᠶᠢᠲᠡᠯᠡᠭᠰᠡᠨ ᠴᠠᠭ᠄
2021/4/7
      4 ᠳ᠋ᠦ᠋ᠭᠡᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠲᠣᠭᠲᠠᠭᠤᠨ ᠪᠠᠶᠢᠳᠠᠯ ᠢ ᠪᠠᠲᠤᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 323.92 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠤᠭᠠᠳᠤ ᠶᠢᠨ ᠵᠢᠭᠤᠯᠴᠢᠯᠠᠯ ᠤᠨ ᠣᠷᠤᠯᠭ᠎ᠠ ᠶᠢ 14.22 ᠳ᠋ᠦᠩᠰᠢᠭᠤᠷ ᠲᠥᠭᠦᠷᠢᠭ ᠪᠠᠶᠡᠯᠡᠭᠦᠯᠪᠡ᠃      ᠡᠨᠡ ᠬᠦ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠭᠴᠢᠳ ᠲᠤ ᠭᠤᠣᠯᠳᠠᠭᠤ ᠭᠤᠷᠪᠠᠨ ᠵᠦᠢᠯ ᠤᠨ ᠣᠨᠴᠠᠯᠢᠭ ᠢᠯᠡᠷᠡᠪᠡ᠄       ᠨᠢᠭᠡᠳᠦᠭᠡᠷ ᠲᠤ᠂ ᠵᠢᠭᠤᠯᠴᠢᠯᠠᠭᠴᠢᠳ ᠭᠤᠣᠯᠳᠠᠭᠤ ᠣᠷᠣᠨ ᠤ ᠳᠣᠲᠣᠷ᠎ᠠ ᠲᠥᠪᠯᠡᠷᠡᠵᠦ ᠪᠠᠶᠢᠬᠤ ᠪᠥᠭᠡᠳ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠢᠶᠠᠷ ᠭᠤᠣᠯ ᠪᠣᠯᠭᠠᠵᠤ᠂ ᠣᠷᠣᠨ ᠤ ᠳᠣᠲᠣᠷᠠᠬᠢ ᠵᠢᠭᠤᠯᠴᠢᠯᠠᠭᠴᠢᠳ ᠤᠨ ᠡᠵᠡᠯᠡᠬᠦ ᠬᠠᠷᠢᠴᠠᠯ ᠨᠢ 60.92% ᠢ ᠡᠵᠡᠯᠡᠵᠦ᠂ ᠮᠤᠵᠢ ᠣᠷᠣᠨ ᠠᠯᠤᠰᠯᠠᠭᠰᠠᠨ ᠵᠢᠭᠤᠯᠴᠢᠯᠠᠭᠴᠢᠳ ᠶᠡᠷᠦᠩᠬᠡᠢ ᠲᠣᠭᠠᠨ ᠤ 39.08% ᠢ ᠡᠵᠡᠯᠡᠨ᠎ᠡ᠃ ᠮᠤᠵᠢ ᠠᠯᠤᠰᠯᠠᠭᠰᠠᠨ ᠵᠢᠭᠤᠯᠴᠢᠯᠠᠭᠴᠢᠳ ᠨᠢ ᠭᠤᠣᠯᠳᠠᠭᠤ ᠾᠧᠪᠸᠢ᠂ ᠨᠢᠩᠰᠢᠶᠠ᠂ ᠭᠠᠨᠰᠦ᠂ ᠱᠠᠨ ᠰᠢ᠂ ᠲᠢᠶᠠᠨᠵᠢᠨ ᠵᠡᠷᠭᠡ ᠭᠠᠵᠠᠷ ᠠᠴᠠ ᠢᠷᠡᠵᠠᠢ᠃      ᠳᠠᠷᠠᠭᠠᠯᠠᠪᠠᠯ᠂ ᠵᠢᠭᠤᠯᠴᠢᠯᠠᠭᠴᠢᠳ ᠬᠤᠪᠢ ᠶᠢᠨ ᠮᠠᠰᠢᠨ ᠲᠡᠷᠭᠡ ᠪᠠᠷ ᠢᠶᠠᠨ ᠵᠢᠭᠤᠯᠴᠢᠯᠠᠬᠤ ᠪᠠᠷ ᠭᠤᠤᠯ ᠪᠣᠯᠭᠠᠵᠤ᠂ ᠡᠵᠡᠯᠡᠬᠦ ᠬᠠᠷᠢᠴᠠᠯ ᠨᠢ 51.15%᠂ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠵᠢᠭᠤᠯᠴᠢᠯᠠᠭᠰᠠᠨ ᠵᠢᠭᠤᠯᠴᠢᠯᠠᠭᠴᠢᠳ ᠤᠨ ᠡᠵᠡᠯᠡᠬᠦ ᠬᠠᠷᠢᠴᠠᠯ ᠨᠢ 44.48%᠂ ᠳᠤᠭᠤᠶ ᠤᠨᠤᠬᠤ᠂ ᠶᠠᠪᠠᠭᠠᠨ ᠶᠠᠪᠤᠬᠤ ᠵᠡᠷᠭᠡ ᠪᠤᠰᠤᠳ ᠬᠡᠯᠪᠡᠷᠢ ᠪᠠᠷ ᠵᠢᠭᠤᠯᠴᠢᠯᠠᠭᠰᠠᠨ ᠵᠢᠭᠤᠯᠴᠢᠯᠠᠭᠴᠢᠳ ᠤᠨ ᠡᠵᠡᠯᠡᠬᠦ ᠬᠠᠷᠢᠴᠠᠯ ᠨᠢ 4.02%᠂ ᠲᠡᠷᠭᠡ ᠳᠦᠷᠢᠶᠡᠰᠦᠯᠡᠨ ᠦᠪᠡᠷ ᠢᠶᠠᠨ ᠵᠢᠯᠤᠭᠤᠳᠴᠤ ᠵᠢᠭᠤᠯᠴᠢᠯᠠᠭᠰᠠᠨ ᠵᠢᠭᠤᠯᠴᠢᠯᠠᠭᠴᠢᠳ ᠤᠨ ᠡᠵᠡᠯᠡᠬᠦ ᠬᠠᠷᠢᠴᠠᠯ ᠨᠢ 3.45% ᠳᠤ ᠬᠦᠷᠴᠡᠶ᠃      ᠭᠤᠷᠪᠠᠳᠤᠭᠠᠷ ᠲᠤ᠂ ᠭᠠᠳᠠᠭᠰᠢ ᠶᠠᠪᠤᠬᠤ ᠵᠣᠷᠢᠯᠭ᠎ᠠ ᠠᠴᠠ ᠠᠪᠴᠤ ᠦᠵᠡᠪᠡᠯ᠂ ᠵᠢᠭᠤᠯᠴᠢᠯᠠᠭᠴᠢᠳ ᠭᠤᠣᠯᠳᠠᠭᠤ ᠵᠢᠭᠤᠯᠴᠢᠯᠠᠵᠤ ᠠᠮᠠᠷᠠᠬᠤ ᠪᠠᠷ ᠭᠤᠣᠯ ᠪᠣᠯᠭᠠᠵᠤ᠂ ᠡᠵᠡᠯᠡᠬᠦ ᠬᠠᠷᠢᠴᠠᠯ ᠨᠢ 71.49% ᠪᠣᠯᠤᠨ᠎ᠠ︔ ᠳᠠᠷᠠᠭᠠᠯᠠᠪᠠᠯ ᠠᠵᠢᠯᠯᠠᠵᠤ ᠰᠤᠷᠤᠯᠴᠠᠬᠤ ᠪᠠᠷ ᠵᠣᠷᠢᠯᠭ᠎ᠠ ᠪᠣᠯᠭᠠᠵᠤ᠂ ᠡᠵᠡᠯᠡᠬᠦ ᠬᠠᠷᠢᠴᠠᠯ ᠨᠢ24.71% ᠪᠠᠶᠢᠵᠤ᠂ ᠡᠮᠨᠡᠭᠦᠯᠬᠦ ᠡᠷᠡᠭᠦᠯᠵᠢᠭᠦᠯᠬᠦ ᠵᠢᠴᠢ ᠪᠤᠰᠤᠳ ᠵᠣᠷᠢᠯᠭ᠎ᠠ ᠪᠠᠷ ᠵᠢᠭᠤᠯᠴᠢᠯᠠᠭᠰᠠᠨ ᠵᠢᠭᠤᠯᠴᠢᠯᠠᠭᠰᠠᠳ ᠤᠨ ᠡᠵᠡᠯᠡᠬᠦ ᠬᠠᠷᠢᠴᠠᠯ ᠨᠢ 3.79% ᠪᠣᠯᠤᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ