ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠲᠣᠮᠣ ᠳ᠋ᠠᠶᠢᠲ᠋ᠠ ᠶᠢᠨ ᠲᠥᠪ ᠲᠠᠢ ᠬᠠᠮᠲᠤᠷᠠᠨ ᠤᠶᠤᠨᠲᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠳ ᠲᠤ ᠬᠦᠷᠴᠦ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/4/7
      ᠪᠥᠬᠦ ᠣᠷᠣᠨ ᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠶᠤᠨᠴᠢᠯᠠᠭᠰᠠᠨ ᠪᠠᠶᠢᠭᠤᠯᠤᠯᠲᠠ ᠶᠢᠨ ᠬᠢᠷᠢ ᠲᠦᠪᠰᠢᠨ ᠢ ᠨᠠᠩ ᠰᠠᠶᠢᠲᠤᠷ ᠳᠡᠭᠡᠭᠰᠢᠯᠡᠭᠦᠯᠵᠦ᠂ ᠪᠣᠳᠠᠰᠯᠢᠭ ᠬᠤᠯᠪᠤᠭᠠᠲᠤ ᠰᠦᠯᠵᠢᠶ᠎ᠡ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠵᠢᠴᠢ ᠠᠵᠤ ᠦᠶᠯᠡᠰ ᠤᠨ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠶᠢᠨ ᠲᠤᠯᠠᠳᠠ᠂ 3 ᠳ᠋ᠤᠭᠠᠷ ᠰᠠᠷ᠎ᠠ ᠶᠢᠨ 31  ᠤ ᠡᠳᠦᠷ ᠠᠴᠠ 4 ᠳ᠋ᠦ᠋ᠭᠡᠷ ᠰᠠᠷ᠎ᠠ ᠶᠢᠨ 2 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠠᠢ ᠬᠠᠮᠲᠤᠷᠠᠨ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ ᠳᠤ ᠬᠦᠷᠴᠦ ᠣᠶᠤᠨᠴᠢ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃      ᠪᠠᠶᠢᠴᠠᠭᠠᠨ ᠰᠤᠳᠤᠯᠬᠤ ᠳᠤᠭᠤᠶᠢᠯᠠᠩ ᠪᠤᠭᠤᠲᠤ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠪᠤᠭᠤᠲᠤ ᠶᠢᠨ ᠲᠦᠮᠡᠳ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠹᠧᠩᠵᠧᠨ ᠤ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠹᠯᠣᠷ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠤᠷᠳᠤᠰ ᠤᠨ ᠳ᠋ᠠ ᠯᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ ᠰᠤᠷᠪᠤᠯᠵᠢᠯᠠᠬᠤ᠂ ᠶᠠᠷᠢᠯᠴᠠᠯᠭ᠎ᠠ ᠬᠢᠵᠦ ᠰᠠᠨᠠᠯ ᠰᠣᠯᠢᠯᠴᠠᠬᠤ ᠵᠡᠷᠭᠡ ᠬᠡᠯᠪᠡᠷᠢ ᠪᠠᠷ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠤᠳ ᠪᠠ ᠤᠶᠤᠨᠲᠤ ᠬᠦᠷᠢᠶᠡᠯᠡᠩ ᠲᠣᠭᠤᠷᠢᠭ ᠤᠨ ᠲᠠᠷᠠᠭᠠᠴᠢ ᠶᠢᠨ ᠠᠯᠬᠤᠮ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠰᠠᠨᠠᠯ ᠰᠠᠨᠠᠭᠤᠯᠭ᠎ᠠ ᠨᠤᠭᠤᠳ ᠢ ᠭᠤᠣᠯᠳᠠᠯᠭ᠎ᠠ ᠲᠠᠢ ᠣᠶᠢᠯᠠᠭᠠᠨ᠂ ᠡᠯ᠎ᠡ ᠬᠦᠷᠢᠶᠡᠯᠡᠩ ᠲᠣᠭᠤᠷᠢᠭ ᠤᠳ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠳᠠ᠂ ᠲᠤᠮᠤ ᠳ᠋ᠠᠶᠢᠲ᠋ᠠ ᠵᠡᠷᠭᠡ ᠰᠢᠨ᠎ᠡ ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠠᠷᠭ᠎ᠠ ᠬᠡᠮᠵᠢᠶ᠎ᠡ ᠵᠢᠴᠢ ᠤᠶᠤᠨᠲᠤ ᠬᠦᠷᠢᠶᠡᠯᠡᠩ ᠲᠣᠭᠤᠷᠢᠭ ᠤᠨ ᠲᠠᠪᠴᠠᠩ ᠤᠨ ᠬᠠᠮᠢᠶᠠᠷᠤᠯᠲᠠ ᠶᠢᠨ ᠰᠢᠰᠲ᠋ᠧᠮ ᠢ ᠠᠰᠢᠭᠯᠠᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠴᠢᠳᠠᠪᠤᠷᠢ᠂ ᠦᠢᠯᠡᠴᠢᠯᠡᠭᠡᠨ ᠤ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ ᠪᠠᠨ ᠲᠡᠭᠡᠭᠰᠢᠯᠡᠭᠦᠯᠦᠭᠰᠡᠨ ᠲᠡᠷᠢᠭᠦᠨ ᠤ ᠠᠷᠭ᠎ᠠ ᠬᠢᠳᠡᠯ ᠤᠳ ᠢ ᠰᠤᠳᠤᠯᠤᠨ ᠶᠠᠷᠢᠯᠴᠠᠵᠤ ᠰᠠᠨᠠᠯ ᠪᠣᠳᠤᠯ ᠢᠶᠠᠨ ᠰᠣᠯᠢᠯᠴᠠᠵᠠᠢ᠃      ᠲᠠᠷᠠᠭᠠᠴᠢ ᠶᠢᠨ ᠠᠯᠬᠤᠮ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠲᠤᠷᠰᠢᠯᠲᠠ ᠶᠢᠨ ᠴᠡᠭ ᠤᠨ ᠬᠦᠷᠢᠶᠡᠯᠡᠩ ᠲᠣᠭᠤᠷᠢᠭ ᠤᠳ ᠤᠨ ᠠᠮᠵᠢᠯᠲᠠ ᠲᠠᠢ ᠲᠤᠷᠰᠢᠯᠭ᠎ᠠ ᠶᠢ ᠰᠢᠩᠭᠡᠭᠡᠨ ᠠᠪᠴᠤ ᠠᠰᠢᠭᠯᠠᠵᠤ᠂ ᠬᠦᠷᠢᠶᠡᠯᠡᠩ ᠲᠣᠭᠤᠷᠢᠭ ᠤᠨ ᠤᠶᠤᠨᠴᠢᠯᠠᠭᠰᠠᠨ ᠦᠶᠯᠡᠳᠦᠯᠭᠡ ᠶᠢᠨ ᠵᠢᠱᠢᠶ᠎ᠡ ᠨᠦᠭᠦᠳ ᠢ ᠦᠷᠭᠦᠯᠵᠢᠯᠡᠨ ᠭᠦᠨᠵᠡᠭᠡᠶ ᠣᠶᠢᠯᠠᠭᠠᠵᠤ᠂ ᠤᠶᠤᠨᠲᠤ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠶᠯᠡᠳᠦᠯ ᠢ ᠨᠢ ᠪᠠᠳᠠᠷᠠᠭᠤᠯᠵᠤ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ᠪᠥᠬᠦ ᠣᠷᠣᠨ ᠤ ᠤᠶᠤᠨᠲᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠯᠬᠤᠮ ᠠᠯᠬᠤᠮ ᠢᠶᠠᠷ ᠠᠭᠢᠭᠤᠯᠬᠤ ᠪᠠᠷ ᠪᠤᠢ᠃
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ