ᠣᠶᠢᠷ᠎ᠠ ᠳᠤ᠂ ᠲᠣᠪᠴᠢᠶ᠎ᠠ ᠶᠢᠨ ᠳᠥᠷᠪᠡᠳᠦᠭᠡᠷ ᠠᠷᠤ ᠲᠠᠯ᠎ᠠ ᠶᠢᠨ ᠦᠢᠯᠡᠴᠢᠯᠡᠭᠡᠨ ᠤ ᠲᠥᠪ ᠨᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠶ | ᠪᠠᠶᠢᠷᠢᠯᠠᠭᠤᠯᠤᠯᠲᠠ ᠶᠣᠰᠣᠭᠠᠷ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠨᠠᠮ ᠤᠨ ᠲᠡᠤᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ | ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠶᠡᠷᠦᠩᠬᠡᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠲᠥᠪ ᠤᠨ ᠪᠥᠬᠦ ᠠᠵᠢᠯᠲᠠᠳ ᠢ | ᠵᠣᠬᠢᠶᠠᠨ ᠪᠠᠶᠢᠭᠤᠯᠤᠨ ︽ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠠᠶᠠᠷᠯᠠᠨ ᠤᠭᠲᠤᠵᠤ ᠢᠳᠡᠭᠡᠨ ᠤ ᠠᠮᠤᠷ ᠲᠦᠪᠰᠢᠨ ᠤ ᠮᠡᠳᠡᠯᠭᠡ ᠰᠤᠷᠤᠯᠴᠠᠶ᠎ᠠ︾ ᠭᠡᠬᠦ | ᠲᠤᠰᠬᠠᠶ ᠰᠡᠳᠦᠪᠲᠦ ᠶᠠᠷᠢᠶ᠎ᠠ ᠢᠯᠡᠳᠬᠡᠯ ᠬᠢᠪᠡ᠃ ᠲᠥᠪ ᠤᠨ ᠪᠦᠬᠦ ᠺᠠᠳ᠋ᠷ ᠠᠵᠢᠯᠲᠠᠨ ᠣᠷᠣᠯᠴᠠᠪᠠ᠃ | | | | | | ᠶᠠᠷᠢᠶ᠎ᠠ ᠢᠯᠡᠳᠬᠡᠯ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ | ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠬᠦᠨ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠵᠠᠰᠠᠯ | ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠢᠳᠡᠭᠡᠨ ᠤᠮᠳᠠᠭᠠᠨ ᠤ ᠰᠠᠯᠠᠭᠠᠨ ᠤ ᠳᠠᠷᠤᠭ᠎ᠠ ᠪᠥᠸᠧ ᠶᠦᠩ ᠢ ᠤᠷᠢᠵᠤ᠂ ᠢᠳᠡᠭᠡᠨ ᠤᠮᠳᠠᠭᠠᠨ ᠤ | ᠦᠢᠯᠡᠴᠢᠯᠡᠭᠡ ᠳᠠᠬᠢ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠬᠠᠮᠢᠶᠠᠷᠤᠯᠲᠠ ᠵᠡᠷᠭᠡ ᠠᠭᠤᠯᠭ᠎ᠠ ᠶᠢ ᠲᠤᠰᠬᠠᠢ ᠰᠡᠳᠦᠪ ᠢᠶᠠᠷ ᠶᠠᠷᠢᠭᠤᠯᠪᠠ᠃ ᠶᠠᠷᠢᠶ᠎ᠠ | ᠢᠯᠡᠳᠬᠡᠯ ᠨᠢ ᠣᠳᠣᠬᠠᠨ ᠤ ᠢᠳᠡᠭᠡᠨ ᠤᠮᠳᠠᠭᠠᠨ ᠤ ᠠᠵᠢᠯ ᠲᠥᠷᠥᠯ ᠤᠨ ᠲᠦᠷᠢᠮ ᠲᠣᠭᠲᠠᠭᠠᠯ ᠲᠠᠢ ᠤᠶᠠᠯᠳᠤᠭᠤᠯᠤᠨ᠂ ᠨᠡᠶᠢᠲᠡᠯᠢᠭ ᠵᠢᠱᠢᠶ᠎ᠡ ᠶᠢ ᠵᠠᠳᠠᠯᠤᠨ ᠰᠢᠨᠵᠢᠯᠡᠬᠦ | ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠭᠤᠯᠠᠨ ᠬᠡᠷ ᠤᠨ ᠡᠳ᠋ᠰᠢᠭᠦᠯᠵᠦ ᠪᠣᠯᠪᠠᠰᠤᠷᠠᠭᠤᠯᠬᠤ ᠲᠦᠷᠢᠮ᠂ ᠢᠳᠡᠭᠡᠨ ᠤ ᠠᠮᠤᠷ ᠲᠦᠪᠰᠢᠨ ᠡᠷᠡᠭᠦᠯ ᠬᠠᠮᠠᠭᠠᠯᠠᠯ ᠤᠨ | ᠬᠠᠮᠢᠶᠠᠷᠤᠯᠲᠠ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠠᠵᠢᠯᠲᠠᠨ ᠠᠵᠢᠯᠴᠢᠨ ᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭᠠᠲᠤ ᠤᠬᠠᠮᠰᠠᠷ ᠪᠠ ᠲᠤᠰᠬᠠᠶ | ᠮᠡᠷᠭᠡᠵᠢᠯ ᠤᠨ ᠮᠡᠳᠡᠯᠭᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠢᠳᠡᠭᠡᠨ ᠤ | ᠵᠦᠢᠯ ᠤᠨ ᠪᠣᠯᠪᠠᠰᠤᠷᠠᠭᠤᠯᠤᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠤᠬᠠᠮᠰᠠᠷ ᠢ | ᠴᠢᠩᠭᠠᠳᠬᠠᠬᠤ ᠲᠠᠯ᠎ᠠ ᠪᠠᠷ ᠨᠠᠩ ᠭᠦᠨᠵᠡᠭᠡᠶ ᠲᠠᠨᠢᠯᠲᠠ ᠣᠶᠢᠯᠠᠭᠠᠯᠲᠠ ᠲᠠᠢ ᠪᠣᠯᠵᠠᠶ᠂ ᠢᠯᠠᠩᠭᠤᠶ᠎ᠠ ᠬᠤᠭᠤᠯᠠᠨ ᠲᠢᠩᠬᠢᠮ ᠤᠨ ᠨᠢᠭᠡᠳᠦᠭᠡᠷ ᠹᠷᠣᠨᠲ ᠤᠨ ᠠᠵᠢᠯᠲᠠᠨ | ᠠᠵᠢᠯᠴᠢᠨ ᠥᠪᠡᠷ ᠤᠨ ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠠᠨᠢᠵᠤ᠂ ᠪᠦᠬᠦᠯᠢ ᠴᠣᠭᠴᠠ ᠶᠢᠨ ᠢᠳᠡᠭᠡᠨ ᠤᠮᠳᠠᠭᠠᠨ ᠤ | ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠬᠤᠭᠤᠯᠠ ᠤᠮᠳᠠ ᠶᠢᠨ ᠠᠮᠤᠷ ᠲᠦᠪᠰᠢᠨ ᠤ ᠡᠯ᠎ᠡ ᠭᠤᠭᠴᠤᠭ᠎ᠠ ᠶᠢᠨ | ᠬᠠᠮᠢᠶᠠᠷᠤᠯᠲᠠ ᠶᠢ ᠴᠢᠩᠭᠠᠳᠬᠠᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ ᠭᠡᠵᠦ ᠢᠯᠡᠳᠬᠡᠵᠡᠭᠡᠵᠡᠢ᠃ | | | | | | ᠲᠠᠷᠠᠭᠠᠴᠢ ᠶᠢᠨ ᠠᠯᠬᠤᠮ ᠳᠤ᠂ ᠦᠢᠯᠡᠴᠢᠯᠡᠭᠡᠨ ᠤ ᠲᠥᠪ ᠨᠢ ᠦᠷᠭᠦᠯᠵᠢᠯᠡᠨ ᠪᠠᠷᠢᠮᠵᠢᠶᠠᠵᠢᠭᠤᠯᠤᠨ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠰᠢᠨᠵᠢᠯᠡᠬᠦ | ᠤᠬᠠᠭᠠᠨᠴᠢ ᠵᠢᠷᠤᠮᠵᠢᠭᠰᠠᠨ ᠠᠷᠭ᠎ᠠ ᠪᠠᠷ ᠢᠳᠡᠭᠡᠨ ᠡᠳ᠋ᠰᠢᠭᠦᠯᠦᠨ ᠪᠣᠯᠪᠠᠰᠤᠷᠠᠭᠤᠯᠵᠤ ᠶᠢ ᠴᠢᠩᠭ᠎ᠠ ᠵᠢᠷᠤᠮᠯᠠᠵᠤ᠂ ᠢᠳᠡᠭᠡᠨ ᠤ ᠠᠮᠤᠷ ᠲᠦᠪᠰᠢᠨ ᠤ ᠡᠯ᠎ᠡ ᠵᠦᠢᠯ ᠤᠨ | ᠲᠦᠷᠢᠮ ᠢ ᠨᠠᠷᠢᠨ ᠨᠢᠭᠲᠠ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠮᠢᠨᠴᠦᠭᠦᠷᠡᠨ ᠲᠠᠶᠢᠪᠤᠰᠢᠷᠠᠬᠤ ᠪᠠ ᠲᠤᠷᠰᠢᠯᠭ᠎ᠠ ᠶᠢᠨ ᠦᠵᠡᠯ ᠢ ᠲᠠᠰᠤ ᠵᠣᠭᠰᠣᠭᠠᠵᠤ᠂ | ᠨᠠᠷᠢᠯᠢᠬᠵᠢᠭᠤᠯᠬᠤ᠂ ᠠᠷᠪᠢᠯᠠᠨ ᠭᠠᠮᠨᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠢᠯᠡᠴᠢᠯᠡᠭᠳᠡᠭᠰᠡᠳ ᠲᠤ ᠠᠮᠤᠷ ᠲᠦᠪᠰᠢᠨ ᠪᠥᠭᠡᠳ ᠰᠠᠨᠠᠭ᠎ᠠ | ᠠᠮᠤᠷ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠨ᠎ᠠ᠃ |