ᠰᠢᠯᠢ ᠶᠢᠨ ᠭᠤᠤᠯ ᠠᠶᠢᠮᠠᠭ 2018 ᠣᠨ ᠳᠤ ᠬᠡᠷ ᠭᠠᠵᠠᠷ ᠬᠥᠷᠥᠩᠭᠡ ᠶᠢᠨ ᠦᠨᠡᠮᠯᠡᠯ ᠭᠦᠢᠴᠡᠳᠬᠡᠬᠦ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠵᠢᠯ ᠢ | ᠡᠬᠢᠯᠡᠭᠦᠯᠦᠭᠰᠡᠨ ᠠᠴᠠ ᠣᠲᠣ ᠪᠣᠯᠲᠠᠯ᠎ᠠ᠂ ᠨᠡᠶᠢᠲᠡ 69147 ᠢᠵᠢ ᠦᠯᠡᠳᠡᠭᠳᠡᠯ ᠠᠰᠠᠭᠤᠳᠠᠯ ᠢ ᠰᠢᠢᠳᠪᠦᠷᠢᠯᠡᠨ ᠳᠠᠭᠤᠰᠬᠠᠵᠤ᠂ ᠪᠦᠬᠦᠯᠢ ᠴᠣᠭᠴᠠ ᠶᠢᠨ | ᠪᠡᠶᠡᠯᠡᠭᠦᠯᠦᠭᠰᠡᠨ ᠨᠣᠷᠮ᠎ᠠ ᠨᠢ 87.1% ᠳᠤ ᠬᠦᠷᠴᠡᠶ᠃ ᠣᠳᠣᠬᠠᠨ ᠳᠤ᠂ ᠬᠡᠷ ᠭᠠᠵᠠᠷ ᠬᠥᠷᠥᠩᠭᠡ ᠶᠢᠨ ᠦᠨᠡᠮᠯᠡᠯ ᠭᠦᠢᠴᠡᠳᠬᠡᠬᠦ ᠦᠯᠡᠳᠡᠭᠳᠡᠯ ᠠᠰᠠᠭᠤᠳᠠᠯ ᠢ | ᠰᠢᠢᠳᠪᠦᠷᠢᠯᠡᠬᠦ ᠠᠵᠢᠯ ᠨᠢᠭᠡᠨᠲᠡ ᠲᠥᠪᠯᠡᠷᠡᠭᠦᠯᠦᠨ ᠰᠢᠢᠳᠪᠦᠷᠢᠯᠡᠵᠦ ᠰᠡᠭᠦᠯ ᠬᠤᠷᠢᠶᠠᠬᠤ ᠱᠠᠲᠤᠨ ᠳᠤ ᠣᠷᠣᠵᠤ᠂ ᠨᠡᠶᠢᠲᠡ 10280 ᠢᠵᠢ ᠦᠯᠡᠳᠡᠭᠳᠡᠯ | ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠶ ᠪᠠᠶᠢᠨ᠎ᠠ᠃ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠲᠤᠭ᠎ᠠ ᠪᠦᠷᠢᠳᠬᠡᠯ ᠢ ᠭᠠᠷᠠᠭ ᠢᠶᠠᠷ ᠮᠡᠳᠡᠭᠦᠯᠬᠦ᠂ ᠠᠬᠢᠴᠠ ᠶᠢ ᠠᠷᠪᠠᠨ ᠡᠳᠦᠷ ᠢᠶᠠᠷ ᠮᠡᠳᠡᠭᠦᠯᠬᠦ᠂ ᠬᠠᠭᠠᠰ ᠰᠠᠷ᠎ᠠ ᠳᠤ ᠵᠠᠷᠯᠠᠨ ᠮᠡᠳᠡᠭᠳᠡᠬᠦ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠮᠦᠷᠳᠡᠵᠦ ᠰᠢᠮᠳᠠᠭᠤᠯᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠡᠷ ᠪᠠᠶᠢᠰᠢᠩ ᠬᠤᠳᠠᠯᠳᠤᠨ ᠠᠪᠬᠤ ᠣᠯᠠᠨ ᠲᠦᠮᠡᠨ ᠤ ︽ᠦᠨᠡᠮᠯᠡᠯ | ᠭᠦᠢᠴᠡᠳᠬᠡᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠳᠥᠯᠭᠢᠨ ᠠᠬᠢᠭᠤᠯᠪᠠ᠃ 3 ᠳ᠋ᠤᠭᠠᠷ ᠰᠠᠷ᠎ᠠ ᠶᠢᠨ 21 ᠤ ᠡᠳᠦᠷ ᠠᠴᠠ | ᠣᠲᠣ ᠪᠣᠯᠲᠠᠯ᠎ᠠ 119 ᠢᠵᠢ ᠦᠯᠡᠳᠡᠭᠳᠡᠯ ᠠᠰᠠᠭᠤᠳᠠᠯ ᠢ ᠰᠢᠢᠳᠪᠦᠷᠢᠯᠡᠨ ᠳᠠᠭᠤᠰᠬᠠᠵᠤ᠂ ᠪᠦᠬᠦᠯᠢ ᠴᠣᠭᠴᠠ ᠶᠢᠨ ᠪᠡᠶᠡᠯᠡᠭᠦᠯᠦᠭᠰᠡᠨ ᠨᠣᠷᠮ᠎ᠠ 0.2 ᠵᠠᠭᠤᠨ ᠤ ᠴᠡᠭ | ᠨᠡᠮᠡᠭᠳᠡᠪᠡ᠃ | ᠭᠡᠪᠡᠴᠦ ᠰᠢᠢᠳᠪᠦᠷᠢᠯᠡᠬᠦ ᠶᠢ ᠲᠦᠷᠭᠡᠳᠬᠡᠨ ᠠᠬᠢᠭᠤᠯᠬᠤ ᠶᠠᠪᠤᠴᠠ ᠳᠤ᠂ ᠬᠡᠰᠡᠭ ᠭᠠᠵᠠᠷ ᠣᠷᠣᠨ ︽ᠣᠯᠠᠨ ᠲᠦᠮᠡᠨ ᠪᠤᠷᠤᠭᠤ ᠥᠬᠡᠶ ᠪᠣᠯ ᠳᠠᠷᠤᠶ ᠦᠨᠡᠮᠯᠡᠯ | ᠭᠦᠢᠴᠡᠳᠬᠡᠵᠦ ᠥᠭᠬᠦ︾ ᠲᠥᠷᠥ ᠶᠢᠨ ᠪᠣᠳᠣᠯᠭ᠎ᠠ ᠶᠢ ᠣᠶᠢᠯᠠᠭᠠᠬᠤ ᠲᠠᠯ᠎ᠠ ᠪᠠᠷ ᠵᠥᠷᠢᠶ᠎ᠡ ᠣᠷᠣᠰᠢᠵᠤ᠂ ᠬᠦᠴᠢᠷ ᠢ ᠰᠢᠪᠲᠤᠯᠤᠨ ᠪᠡᠷᠬᠡ ᠶᠢ ᠳᠠᠪᠠᠭ᠋ᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠪᠠᠷ ᠬᠦᠷᠦᠯᠴᠡᠬᠦ ᠥᠬᠡᠶ᠂ ᠠᠵᠢᠯ ᠤᠨ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨᠡᠴᠢᠯᠡᠯᠲᠡ ᠳᠤᠲᠠᠮᠠᠭ ᠪᠠᠶᠢᠬᠤ ᠵᠡᠷᠭᠡ ᠠᠰᠠᠭᠤᠳᠠᠯ ᠴᠤ ᠢᠳᠡᠭ | ᠢᠳᠡᠭ ᠢᠶᠠᠷ ᠢᠯᠡᠷᠡᠨ ᠭᠠᠷᠴᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠠᠶᠢᠮᠠᠭ ᠤᠨ ᠲᠣᠪᠴᠢᠶ᠎ᠠ ᠨᠢ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ | ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠭᠠᠯ ᠤᠨᠲᠠᠷᠠᠭᠠᠬᠤ᠂ ᠶᠠᠰᠤ ᠴᠢᠨᠠᠷ ᠤᠨ ᠠᠮᠤᠷ ᠲᠦᠪᠰᠢᠨ᠂ | ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠲᠣᠳᠣᠷᠬᠠᠶᠢᠯᠠᠬᠤ ᠶᠢ ᠦᠨᠡᠨ ᠬᠦ ᠪᠠᠲᠤᠯᠠᠭᠰᠠᠨ ᠪᠠᠶᠢᠳᠠᠯ ᠳᠣᠤᠷ᠎ᠠ᠂ ︽ᠬᠡᠷ ᠪᠠᠶᠢᠰᠢᠩ ᠬᠤᠳᠠᠯᠳᠤᠨ ᠠᠪᠤᠭᠴᠢ ᠣᠰᠣᠯ | ᠪᠤᠷᠤᠭᠤ ᠥᠬᠡᠶ ᠪᠣᠯ ᠳᠠᠷᠤᠶ ᠦᠨᠡᠮᠯᠡᠯ ᠭᠦᠢᠴᠡᠳᠬᠡᠵᠦ ᠥᠭᠬᠦ︾ ᠵᠠᠷᠴᠢᠮ ᠶᠣᠰᠣᠭᠠᠷ᠂ ᠵᠦᠭ ᠴᠢᠭᠯᠡᠯ ᠳᠤ ᠨᠢ ᠵᠣᠬᠢᠴᠠᠭᠤᠯᠵᠤ ᠪᠠᠶᠢᠭᠠᠳ ᠰᠤᠳᠤᠯᠤᠨ ᠮᠠᠭᠠᠳᠯᠠᠵᠤ | ᠵᠠᠳᠠᠯᠤᠯᠲᠠ ᠬᠢᠵᠦ᠂ ᠲᠥᠷᠥᠯ ᠵᠦᠢᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠦᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠵᠤ᠂ ᠰᠢᠯᠢ ᠶᠢᠨ | ᠬᠤᠲᠠ ᠶᠢᠨ ᠦᠨᠡᠮᠯᠡᠯ ᠭᠦᠢᠴᠡᠳᠬᠡᠬᠦ ᠦᠯᠡᠳᠡᠭᠳᠡᠯ ᠠᠰᠠᠭᠤᠳᠠᠯ ᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠠᠷᠢᠯᠭᠠᠬᠤ︾ ᠶᠢ ᠦᠨᠡᠨ ᠬᠦ ᠪᠠᠲᠤᠯᠠᠵᠤ᠂ | ᠣᠷᠣᠨ ᠰᠠᠭᠤᠴᠠ ᠶᠢ ᠤᠷᠢᠳᠠᠪᠠᠷ ᠰᠢᠢᠳᠪᠦᠷᠢᠯᠡᠨ᠎ᠡ︔ ᠪᠤᠰᠤᠳ ᠭᠠᠵᠠᠷ ᠣᠷᠣᠨ ᠤ ᠪᠣᠶ ᠪᠥᠬᠦᠶ ᠲᠥᠷᠥᠯ ᠵᠦᠢᠯ ᠢ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ | ︽ᠠᠷᠢᠯᠭᠠᠬᠤ︾ ᠬᠠᠷᠠᠯᠲᠠ ᠲᠠᠢ᠃ ᠰᠢᠪᠲᠤᠯᠤᠯᠲᠠ ᠶᠢᠨ ᠬᠤᠭᠤᠴᠠᠭᠠᠨ ᠳᠤ ᠠᠬᠢᠴᠠ ᠨᠢ ᠤᠳᠠᠭᠠᠨ᠂ ᠢᠯᠡᠷᠬᠡᠢ ᠠᠬᠢᠴᠠ ᠦᠭᠡᠢ ᠭᠠᠵᠠᠷ ᠣᠷᠣᠨ ᠢ ᠠᠶᠢᠮᠠᠭ ᠤᠨ | ᠵᠠᠬᠢᠷᠭ᠎ᠠ ᠪᠠᠷ ᠪᠣᠯᠵᠣᠨ ᠶᠠᠷᠢᠯᠴᠠᠭᠤᠯᠤᠨ᠎ᠠ᠃ ᠡᠭᠦᠨ ᠤ ᠬᠠᠮᠲᠤ᠂ ᠬᠡᠷ ᠭᠠᠵᠠᠷ ᠬᠥᠷᠥᠩᠭᠡ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠳᠤᠲᠠᠭᠤᠳᠠᠯ ᠪᠠ | ᠪᠠᠭᠤᠷᠠᠶ ᠵᠦᠢᠯᠡᠰ ᠲᠤ ᠴᠢᠭᠯᠡᠭᠦᠯᠦᠨ᠂ ᠬᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠮᠠᠭᠤᠨ ᠦᠵᠡᠭᠳᠡᠯ ᠢ ᠦᠷᠭᠦᠯᠵᠢᠯᠡᠨ ᠴᠡᠭᠴᠡᠯᠡᠨ ᠵᠠᠰᠠᠵᠤ᠂ ᠰᠢᠨ᠎ᠡ ᠪᠠᠷ | ᠪᠠᠶᠢᠭᠤᠯᠬᠤ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠡᠷ ᠪᠠᠶᠢᠰᠢᠩ ᠢ | ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠡᠩᠰᠡᠯᠡᠨ ᠲᠡᠮᠳᠡᠭᠯᠡᠬᠦ ᠶᠢ ᠨᠡᠶᠢᠳᠡᠮ ᠪᠥᠷᠬᠦᠭᠦᠯᠬᠦ ᠶᠢ ᠪᠡᠶᠡᠯᠡᠭᠦᠯᠵᠦ᠂ ︽ᠦᠨᠡᠮᠯᠡᠯ ᠠᠪᠬᠤ ᠳᠤ ᠬᠦᠴᠢᠷᠲᠡᠶ︾ | ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠵᠤ᠂ ᠬᠠᠭᠤᠴᠢᠨ ᠲᠠᠩᠰᠠ ᠶᠢ ᠰᠢᠢᠳᠪᠦᠷᠢᠯᠡᠨ᠂ ᠰᠢᠨ᠎ᠡ ᠲᠠᠩᠰᠠ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ | |