ᠦᠬᠠᠶ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠪᠥᠬᠦ ᠬᠤᠲᠠ ᠶᠢᠨ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2021/4/7

      ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯ ᠤᠨ ᠠᠵᠢᠯᠲᠠᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠤᠳᠤᠷᠢᠳᠬᠤ ᠳᠤᠭᠤᠶᠢᠯᠠᠩ ᠪᠠ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠦᠬᠠᠶ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠪᠥᠬᠦ ᠬᠤᠲᠠ ᠶᠢᠨ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
     ᠬᠤᠲᠠ᠂ ᠲᠣᠭᠤᠷᠢᠭ ᠤᠨ ᠬᠤᠶᠠᠷ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ 28 ᠬᠥᠮᠦᠨ ᠲᠤᠰ ᠤᠳᠠᠭᠠᠨ ᠤ ᠰᠣᠷᠢᠯᠲᠠ ᠳᠤ ᠣᠷᠣᠯᠴᠠᠵᠠᠶ᠃ ᠰᠣᠷᠢᠯᠲᠠ ᠶᠢ ᠰᠢᠷᠡᠭᠡᠨ ᠳᠡᠭᠡᠷ᠎ᠡ ᠤᠯᠠᠷᠢᠭᠤᠯᠤᠨ ᠲᠣᠭᠯᠠᠬᠤ ᠪᠠ ᠪᠤᠲᠠᠲᠠᠢ ᠠᠵᠢᠯᠯᠠᠭᠠᠨ ᠤ ᠸᠢᠳᠢᠣ᠋ ᠰᠣᠨᠢᠷᠬᠠᠬᠤ ᠶᠢ ᠤᠶᠠᠯᠳᠤᠭᠤᠯᠬᠤ ᠠᠷᠭ᠎ᠠ ᠪᠠᠷ ᠥᠷᠨᠢᠭᠦᠯᠵᠦ᠂ ᠳᠠᠭᠤᠷᠢᠶᠠᠮᠠᠯ ᠦᠵᠡᠭᠳᠡᠯ᠂ ᠲᠠᠶᠢᠯᠪᠤᠷᠢᠯᠠᠬᠤ ᠠᠰᠠᠭᠤᠯᠲᠠ ᠳᠤᠷᠠᠳᠬᠤ᠂ ᠰᠤᠷᠤᠯᠴᠠᠭᠴᠢ ᠬᠠᠷᠢᠭᠤᠯᠬᠤ᠂ ᠲᠤᠰᠬᠠᠶ ᠮᠡᠷᠭᠡᠵᠢᠯᠲᠡᠨ ᠦᠨᠡᠯᠡᠯᠲᠡ ᠬᠢᠬᠦ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠪᠤᠯᠴᠢᠷᠬᠠᠶ ᠶᠢᠨ ᠬᠤᠯᠤᠭᠠᠨ᠎ᠠ ᠶᠢᠨ ᠬᠢᠵᠢᠭ ᠤᠨ 1 ᠡᠪᠡᠳᠴᠢᠨ ᠤ ᠵᠢᠱᠢᠶ᠎ᠡ ᠶᠢ ᠢᠯᠡᠷᠡᠭᠦᠯᠦᠨ ᠮᠡᠳᠡᠭᠦᠯᠬᠦ ᠠᠴᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠦᠷᠲᠡᠯᠡᠬᠢ ᠪᠥᠬᠦ ᠶᠠᠪᠤᠴᠠ ᠶᠢ ᠳᠠᠭᠤᠷᠢᠶᠠᠨ ᠰᠣᠷᠢᠵᠠᠢ᠃ ᠰᠣᠷᠢᠯᠲᠠ ᠶᠢᠨ ᠠᠭᠤᠯᠭ᠎ᠠ ᠳᠤ ᠬᠢᠵᠢᠭ ᠤᠨ ᠪᠠᠶᠢᠳᠠᠯ ᠢ ᠢᠯᠡᠷᠡᠭᠦᠯᠬᠦ᠂ ᠬᠢᠵᠢᠭ ᠤᠨ ᠪᠠᠶᠢᠳᠠᠯ ᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠶᠢ ᠲᠤᠰᠬᠠᠯ ᠭᠠᠷᠭᠠᠬᠤ᠂ ᠰᠡᠷᠡᠮᠵᠢ ᠨᠡᠶᠢᠲᠡᠯᠡᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ᠂ ᠨᠢᠭᠲᠠ ᠣᠶᠢᠷᠠᠲᠤᠭᠰᠠᠳ ᠢ ᠬᠠᠮᠢᠶᠠᠷᠬᠤ᠂ ᠲᠤᠷᠰᠢᠯᠲᠠ ᠶᠢᠨ ᠲᠠᠰᠤᠭ ᠥᠯᠢᠭᠡᠷ ᠠᠪᠬᠤ᠂ ᠲᠤᠬᠠᠶ ᠶᠢᠨ ᠲᠠᠯᠠᠪᠤᠷ ᠢ ᠠᠷᠢᠭᠤᠳᠬᠠᠬᠤ᠂ ᠬᠤᠯᠤᠭᠠᠨ᠎ᠠ ᠪᠠ ᠨᠣᠬᠠᠶ ᠶᠢᠨ ᠪᠥᠭᠡᠰᠦ ᠶᠢ ᠤᠰᠠᠳᠬᠠᠬᠤ ᠵᠡᠷᠭᠡ ᠠᠭᠤᠯᠭ᠎ᠠ ᠶᠢ ᠪᠠᠭᠲᠠᠭᠠᠵᠠᠢ᠃ ᠰᠣᠷᠢᠯᠲᠠ ᠶᠢᠨ ᠲᠤᠬᠠᠶ ᠶᠢᠨ ᠲᠠᠯᠠᠪᠤᠷ ᠲᠤ ᠪᠠᠰᠠ ᠬᠠᠮᠠᠭᠠᠯᠠᠯᠲᠠ ᠶᠢᠨ ᠬᠤᠪᠴᠠᠰᠤ ᠪᠠᠨ ᠡᠮᠦᠰᠦᠨ ᠲᠠᠶᠢᠯᠬᠤ ᠦᠵᠡᠭᠦᠯᠦᠯᠭᠡ ᠬᠢᠵᠡᠶ᠃
     ᠲᠣᠰ ᠤᠳᠠᠭᠠᠨ ᠤ ᠰᠣᠷᠢᠯᠲᠠ ᠨᠢ ᠦᠬᠠᠶ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯ ᠤᠨ ᠠᠵᠢᠯᠲᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ

︵2020 ᠣᠨ ᠤ ᠬᠡᠪᠯᠡᠯ︶︾ ᠤᠨ ᠲᠤᠬᠠᠶ ᠣᠶᠢᠯᠠᠭᠠᠯᠲᠠ ᠪᠠ ᠲᠠᠨᠢᠯᠲᠠ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯ ᠤᠨ ᠠᠵᠢᠯᠲᠠᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠵᠢᠷᠤᠮᠵᠢᠭᠤᠯᠤᠨ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠰᠢᠯᠭᠠᠨ ᠪᠠᠶᠢᠴᠠᠭᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃

ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ