ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠠᠮ ᠤᠨ ᠲᠡᠦᠭᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳᠦᠪᠳᠦ ᠨᠤᠮ ᠤᠩᠰᠢᠬᠤ ᠠᠩᠬᠢ ᠶᠠᠪᠤᠬᠳᠠᠪᠠ  ᠱᠢ ᠲᠠᠢ ᠹᠧᠩ  ᠯᠢ ᠰᠢᠦ ᠯᠢᠩ ᠰᠤᠷᠤᠯᠴᠠᠯᠭ᠎ᠠ ᠳᠤ ᠤᠷᠤᠯᠴᠠᠵᠠᠢ
ᠨᠡᠶᠢᠲᠡᠯᠡᠭᠰᠡᠨ ᠴᠠᠭ᠄
2021/4/8

      4 ᠰᠠᠷ᠎ᠠ ᠶᠢᠨ 6᠎ ᠠᠴᠠ 7᠎ ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠠᠮ ᠤᠨ ᠲᠡᠦᠭᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳᠦᠪᠳᠦ ᠨᠤᠮ ᠤᠩᠰᠢᠬᠤ ᠠᠩᠬᠢ ᠥᠪᠦᠷ ᠮᠤᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠳᠤ ᠶᠠᠪᠤᠬᠳᠠᠪᠠ᠃


自治区党委党史学习教育专题读书班举行 石泰峰李秀领参加学习 .jpg 


     ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠯᠢ ᠰᠢᠦ ᠯᠢᠩ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ ᠪᠤᠯᠤᠨ ᠦᠪᠡᠷᠲᠡᠭᠡᠨ ᠵᠠᠰᠠᠬᠤ ᠤᠷᠤᠨ ᠤ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠰᠤᠷᠤᠯᠴᠠᠯᠭ᠎ᠠ ᠳᠤ ᠤᠷᠤᠯᠴᠠᠵᠠᠢ᠃
      ᠨᠤᠮ ᠤᠩᠰᠢᠬᠤ ᠠᠩᠬᠢ ᠨᠢ ᠦᠪᠡᠷ ᠢᠶᠠᠨ ᠰᠤᠷᠤᠯᠴᠠᠬᠤ ᠪᠠ ᠬᠠᠪᠰᠤᠷᠤᠨ ᠵᠢᠯᠤᠭᠤᠳᠬᠤ ᠲᠠᠶᠢᠯᠤᠮᠵᠢ ᠶᠢ ᠤᠶᠠᠯᠳᠤᠭᠤᠯᠤᠭᠰᠠᠨ ᠭᠡᠯᠪᠡᠷᠢ ᠪᠠᠷ ᠶᠠᠪᠤᠬᠳᠠᠪᠠ᠃ ᠦᠪᠡᠷᠲᠡᠭᠡᠨ ᠵᠠᠰᠠᠬᠤ ᠤᠷᠤᠨ ᠤ ᠮᠤᠵᠢ ᠶᠢᠨ ᠲᠡᠰ ᠤᠨ ᠤᠳᠤᠷᠢᠳᠬᠤ ᠨᠦᠬᠦᠳ ᠰᠡᠳᠭᠢᠯ ᠲᠠᠯᠪᠢᠨ ᠰᠤᠳᠤᠯᠵᠦ ᠬᠦᠨᠵᠡᠭᠡᠢ ᠰᠡᠳᠬᠢᠨ ᠪᠤᠳᠤᠯᠬᠢᠯᠠᠵᠦ᠂ ᠰᠢ ᠶᠢᠨ ᠫᠢᠩ ᠨᠦᠬᠦᠷ ᠤᠨ ︽ᠳᠤᠮᠳᠠᠳᠤ ᠤᠯᠤᠰ ᠤᠨ ᠡᠪ ᠬᠠᠮᠳᠦ ᠨᠠᠮ ᠤᠨ ᠲᠡᠦᠭᠡ ᠶᠢᠨ ᠲᠤᠬᠠᠢ ᠦᠬᠦᠯᠡᠯᠲᠡ︾᠂ ︽ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠠᠰᠠᠭᠤᠯᠳᠠ ᠬᠠᠷᠢᠭᠤᠯᠳᠠ︾ ᠵᠡᠷᠭᠡ ᠲᠤᠭᠳᠠᠭᠰᠠᠨ ᠰᠤᠷᠤᠯᠴᠠᠬᠤ ᠮᠠᠲ᠋ᠧᠷᠢᠶᠠᠯ ᠵᠢᠴᠢ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠲᠡᠦᠭᠡ ᠶᠢᠨ ᠰᠤᠷᠤᠯᠴᠠᠯᠭ᠎ᠠ ᠬᠦᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠶᠡᠷᠦᠩᠭᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠠᠵᠢᠯ ᠪᠠ ᠳᠤᠮᠳᠠᠳᠤ ᠶᠢᠨ ᠦᠨᠳᠦᠰᠦᠳᠡᠨ ᠤ ᠬᠠᠮᠳᠦ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠲᠤᠬᠠᠢ ᠴᠢᠬᠤᠯᠠ ᠦᠬᠦᠯᠡᠯᠳᠠ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠤᠯᠤᠨ ᠰᠢᠨ᠎ᠠ ᠠᠷᠠᠳᠴᠢᠯᠠᠬᠰᠠᠨ ᠬᠤᠪᠢᠰᠬᠠᠯ ᠤᠨ ᠦᠶ᠎ᠠ ᠶᠢᠨ ᠲᠡᠦᠭᠡ ᠵᠡᠷᠭᠡ ᠠᠭᠤᠯᠭ᠎ᠠ ᠪᠠᠷ ᠭᠤᠤᠯᠯᠠᠭᠤᠯᠤᠨ ᠰᠤᠷᠤᠯᠴᠠᠬᠤ ᠶᠢᠨ ᠬᠠᠮᠳᠦ ᠰᠤᠷᠤᠯᠴᠠᠬᠰᠠᠨ ᠤᠯᠤᠯᠳᠠ ᠲᠦᠷᠦᠭᠳᠡᠯ ᠢᠶᠠᠨ ᠪᠢᠴᠢᠵᠡᠬᠡᠭᠰᠡᠨ ᠪᠠᠶᠢᠨ᠎ᠠ᠃


2.jpg


3.jpg


      ᠲᠤᠰᠬᠠᠢ ᠰᠡᠳᠦᠪᠳᠦ ᠬᠠᠪᠰᠤᠷᠤᠨ ᠵᠢᠯᠤᠭᠤᠳᠬᠤ ᠲᠠᠶᠢᠯᠤᠮᠵᠢ ᠶᠢᠨ ᠬᠤᠷᠠᠯ ᠳᠡᠭᠡᠷ᠎ᠠ᠂ ᠨᠠᠮ ᠤᠨ ᠲᠡᠦᠭᠡ ᠶᠢᠨ ᠰᠤᠷᠤᠯᠴᠠᠯᠭ᠎ᠠ ᠬᠦᠮᠦᠵᠢᠯ ᠤᠨ ᠲᠦᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠲᠦᠪ ᠤᠨ ᠨᠠᠮ ᠤᠨ ᠲᠡᠦᠭᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠤᠤᠯ ᠤᠨ ᠳᠡᠳ᠋ ᠳᠠᠷᠤᠭ᠎ᠠ ᠡᠤ ᠳ᠋ᠧ ᠭᠠᠩ ᠨᠦᠬᠦᠷ ︽ᠰᠢᠨ᠎ᠠ ᠠᠷᠠᠳᠴᠢᠯᠠᠬᠰᠠᠨ ᠬᠤᠪᠢᠰᠬᠠᠯ ᠤᠨ ᠪᠡᠷᠬᠡ ᠬᠠᠳᠠᠭᠤᠵᠢᠯᠳᠠᠢ ᠲᠡᠦᠭᠡ ᠶᠢᠨ ᠬᠠᠭᠤᠳᠠᠰᠤ ᠵᠢᠴᠢ ᠲᠡᠬᠦᠨ ᠤ ᠲᠤᠷᠰᠢᠯᠭ᠎ᠠ ᠶᠢᠨ ᠰᠡᠩᠭᠡᠷᠡᠬᠦᠯᠦᠯ︾ ᠭᠡᠬᠦ ᠭᠤᠤᠯ ᠰᠡᠳᠦᠪ ᠤᠨ ᠲᠤᠭᠤᠷᠢᠨ ᠳᠤ᠂ ᠤᠯᠠᠨ ᠲᠠᠢ ᠬᠠᠮᠳᠦ ᠮᠠᠨ ᠤ ᠨᠠᠮ ᠠᠷᠠᠳ ᠲᠦᠮᠡᠨ ᠢ ᠤᠳᠤᠷᠢᠳᠤᠨ 28 ᠵᠢᠯ ᠤᠨ ᠴᠢᠰᠤᠳᠤ ᠲᠡᠮᠡᠴᠡᠯ ᠬᠢᠵᠦ᠂ ᠦᠨᠳᠦᠰᠦᠳᠡᠨ ᠤ ᠲᠤᠰᠠᠭᠠᠷ ᠲᠤᠬᠳᠠᠨᠢᠯ ᠪᠠ ᠠᠷᠠᠳ ᠲᠦᠮᠡᠨ ᠤ ᠴᠢᠯᠦᠭᠡᠯᠡᠯᠳᠠ ᠶᠢ ᠪᠡᠶᠡᠯᠡᠬᠦᠯᠦᠭᠰᠡᠨ ᠭᠡᠷᠡᠯ ᠰᠠᠴᠤᠷᠠᠩᠭᠤᠢ ᠲᠡᠦᠭᠡ ᠶᠢ ᠲᠠᠬᠢᠨ ᠡᠷᠬᠢᠴᠡᠬᠦᠯᠵᠡᠢ᠃ ᠲᠠᠶᠢᠯᠤᠮᠵᠢ ᠶᠢᠨ ᠠᠭᠤᠯᠭ᠎ᠠ ᠡᠯᠪᠡᠭ ᠪᠠᠶᠠᠯᠢᠭ᠂ ᠬᠦᠨ ᠬᠦᠨᠵᠡᠭᠡᠢ ᠪᠦᠭᠡᠳ ᠤᠢᠢᠯᠠᠭᠠᠮᠵᠢᠳᠠᠢ ᠪᠠᠶᠢᠵᠦ᠂ ᠪᠡᠷᠬᠡ ᠬᠠᠳᠠᠭᠤᠵᠢᠯᠳᠠᠢ ᠰᠢᠨ᠎ᠠ ᠠᠷᠠᠳᠴᠢᠯᠠᠬᠰᠠᠨ ᠬᠤᠪᠢᠰᠬᠠᠯ ᠤᠨ ᠲᠡᠦᠭᠡ ᠶᠢ ᠬᠦᠨᠵᠡᠭᠡᠢ ᠳᠤᠳᠤᠷᠬᠠᠢᠢᠯᠠᠨ ᠦᠬᠦᠯᠡᠵᠦ᠂ ᠮᠠᠨ ᠤ ᠨᠠᠮ ᠤᠨ ᠴᠦᠭᠦᠷᠡᠰᠢ ᠦᠭᠡᠢ ᠲᠡᠮᠡᠴᠡᠭᠰᠡᠨ ᠲᠡᠦᠭᠡ᠂ ᠴᠦᠬᠦᠷᠡᠰᠢ ᠦᠭᠡᠢ ᠬᠠᠶᠢᠨ ᠰᠦᠪᠡᠭᠴᠢᠯᠡᠭᠰᠡᠨ ᠲᠡᠦᠭᠡ᠂ ᠴᠦᠬᠦᠷᠡᠰᠢ ᠦᠭᠡᠢ ᠦᠪᠡᠷ ᠤᠨ ᠪᠡᠶ᠎ᠠ ᠳᠡᠭᠡᠨ ᠬᠤᠪᠢᠰᠬᠠᠯ ᠬᠢᠭᠰᠡᠨ ᠲᠡᠦᠭᠡ ᠪᠠ ᠴᠦᠭᠦᠷᠡᠰᠢ ᠦᠭᠡᠢ ᠵᠤᠷᠢᠭ ᠰᠠᠨᠠᠭ᠎ᠠ ᠶᠢ ᠬᠦᠭᠡᠭᠡᠴᠡᠯᠳᠦᠭᠰᠡᠨ ᠲᠡᠦᠭᠡ ᠶᠢ ᠳᠤᠳᠤᠷᠬᠠᠢᠢᠯᠠᠨ ᠦᠬᠦᠯᠡᠵᠦ᠂ ᠤᠯᠠᠨ ᠳᠤ ᠬᠤᠪᠢᠰᠬᠠᠯ ᠤᠨ ᠵᠠᠰᠠᠭ ᠤᠨ ᠡᠷᠭᠡ ᠬᠢᠯᠪᠡᠷ ᠪᠤᠰᠤ ᠪᠠᠷ ᠢᠷᠡᠭᠰᠡᠨ᠂ ᠰᠢᠨ᠎ᠠ ᠳᠤᠮᠳᠠᠳᠤ ᠤᠯᠤᠰ ᠬᠢᠯᠪᠡᠷ ᠪᠤᠰᠤ ᠪᠠᠷ ᠪᠠᠶᠢᠭᠤᠯᠤᠭᠳᠠᠭᠰᠠᠨ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠬᠢᠯᠪᠡᠷ ᠪᠤᠰᠤ ᠪᠠᠷ ᠢᠷᠡᠭᠰᠡᠨ᠂ ᠦᠨᠦᠳᠦᠷ ᠤᠨ ᠵᠤᠯ ᠵᠢᠷᠭᠠᠯᠳᠦ ᠠᠮᠢᠳᠤᠷᠠᠯ ᠬᠢᠯᠪᠡᠷ ᠪᠤᠰᠤ ᠪᠠᠷ ᠢᠷᠡᠭᠰᠡᠨ ᠢ ᠲᠠᠨᠢᠭᠤᠯᠬᠤ ᠳᠤ ᠴᠢᠬᠤᠯᠠ ᠦᠢᠯᠡᠳᠦᠯ ᠦᠵᠡᠬᠦᠯᠵᠦ᠂ ᠤᠯᠠᠨ ᠤ ᠳᠤᠮᠳᠠᠳᠤ ᠤᠯᠤᠰ ᠤᠨ ᠡᠪ ᠬᠠᠮᠳᠦ ᠨᠠᠮ ᠶᠠᠭᠠᠬᠢᠭᠠᠳ ︽ᠴᠢᠳᠠᠬᠤ︾᠂ ᠮᠠᠷᠺᠰ ᠤᠨ ᠦᠵᠡᠯ ᠶᠠᠭᠠᠬᠢᠭᠠᠳ ︽ᠪᠤᠯᠬᠤ︾᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ︽ᠰᠠᠶᠢᠨ ᠪᠠᠶᠢᠬᠤ︾᠎ ᠶᠢ ᠨᠡᠩ ᠰᠠᠶᠢᠳᠤᠷ ᠤᠢᠢᠯᠠᠭᠠᠬᠤ ᠳᠤ ᠨᠡᠩ ᠦᠷᠭᠡᠨ ᠬᠠᠷᠠᠭᠠᠰᠤ ᠲᠠᠢ ᠪᠤᠯᠭᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ