|
ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠰᠦᠯᠵᠢᠶᠡᠨ ᠤ ᠬᠤᠷᠳᠤᠴᠠ ᠶᠢ ᠦᠷᠭᠦᠯᠵᠢᠯᠡᠨ | ᠳᠡᠭᠡᠭᠰᠢᠯᠡᠭᠦᠯᠵᠦ ᠰᠦᠢᠳᠬᠡᠯ ᠢ ᠪᠠᠭᠤᠷᠠᠭᠤᠯᠬᠤ ᠵᠡᠷᠭᠡ ᠶᠢ ᠪᠠᠶᠢᠷᠢᠯᠠᠭᠤᠯᠪᠠ |
|
|
ᠨᠡᠶᠢᠲᠡᠯᠡᠭᠰᠡᠨ ᠴᠠᠭ᠄
2021/4/8
|
|
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ ᠰᠦᠯᠵᠢᠶᠡᠨ ᠤ ᠬᠤᠷᠳᠤᠴᠠ ᠶᠢ ᠦᠷᠭᠦᠯᠵᠢᠯᠡᠨ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠵᠤ᠂ ᠨᠡᠩ ᠣᠯᠠᠨ ᠠᠵᠤ ᠠᠬᠤᠶᠢᠯᠠᠯ ᠪᠠ ᠠᠷᠠᠳ ᠲᠦᠮᠡᠨ ᠳᠤ ᠠᠰᠢᠭ ᠬᠦᠷᠲᠡᠭᠡᠬᠦ ᠵᠡᠷᠭᠡ ᠶᠢ ᠪᠠᠶᠢᠷᠢᠯᠠᠭᠤᠯᠪᠠ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠪᠠᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ ᠣᠯᠠᠨ ᠲᠦᠮᠡᠨ ᠤ ᠡᠮᠴᠢᠯᠡᠭᠡ ᠶᠢᠨ ᠳᠠᠷᠤᠭᠠᠰᠤ ᠶᠢ ᠬᠥᠩᠭᠡᠯᠡᠨ᠎ᠡ
ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 7 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠦᠯᠵᠢᠶᠡᠨ ᠤ ᠬᠤᠷᠳᠤᠴᠠ ᠶᠢ ᠦᠷᠭᠦᠯᠵᠢᠯᠡᠨ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠵᠤ᠂ ᠨᠡᠩ ᠣᠯᠠᠨ ᠠᠵᠤ ᠠᠬᠤᠶᠢᠯᠠᠯ ᠪᠠ ᠠᠷᠠᠳ ᠲᠦᠮᠡᠨ ᠳᠤ ᠠᠰᠢᠭ ᠬᠦᠷᠲᠡᠭᠡᠬᠦ ᠵᠦᠢᠯ ᠢ ᠪᠠᠶᠢᠷᠢᠯᠠᠭᠤᠯᠪᠠ︔ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠪᠠᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠣᠯᠠᠨ ᠲᠦᠮᠡᠨ ᠤ ᠡᠮᠴᠢᠯᠡᠭᠡ ᠶᠢᠨ ᠳᠠᠷᠤᠭᠠᠰᠤ ᠶᠢ ᠬᠥᠩᠭᠡᠯᠡᠨ᠎ᠡ᠃ ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠪᠠᠷ᠂ ᠤᠢᠢᠷ᠎ᠠ ᠶᠢᠨ ᠵᠢᠯ ᠠᠴᠠ ᠨᠠᠭᠠᠰᠢ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠲᠣᠭᠲᠠᠮᠠᠯ ᠥᠷᠭᠡᠨ ᠪᠦᠰᠡ ᠪᠠ ᠰᠢᠯᠵᠢᠮᠡᠯ ᠰᠦᠯᠵᠢᠶᠡᠨ ᠤ ᠬᠤᠷᠳᠤᠯᠠᠮᠵᠢ ᠶᠡᠭᠡ ᠬᠡᠮᠵᠢᠶ᠎ᠡ ᠪᠠᠷ ᠳᠡᠭᠡᠭᠰᠢᠯᠡᠨ᠂ ᠬᠤᠷᠢᠶᠠᠬᠤ ᠰᠦᠢᠳᠬᠡᠯ ᠶᠡᠭᠡ ᠬᠡᠮᠵᠢᠶ᠎ᠡ ᠪᠠᠷ ᠪᠠᠭᠤᠷᠠᠵᠤ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠬᠤ ᠳᠤ ᠲᠤᠯᠭᠠᠭᠤᠷᠢᠯᠠᠬᠤ ᠦᠢᠯᠡᠳᠦᠯ ᠦᠵᠡᠭᠦᠯᠵᠦ᠂ ᠠᠵᠢᠯ ᠣᠯᠭᠤᠵᠤ ᠠᠳᠠᠯ ᠦᠢᠯᠡᠰ ᠪᠤᠰᠬᠠᠬᠤ᠂ ᠲᠣᠭᠠᠵᠢᠭᠤᠯᠤᠭᠰᠠᠨ ᠠᠵᠤ ᠠᠬᠤᠢ ᠶᠢᠨ ᠬᠥᠭᠵᠢᠯᠲᠡ ᠪᠠ ᠰᠢᠨ᠎ᠡ ᠬᠥᠳᠡᠯᠭᠡᠬᠦ ᠴᠢᠳᠠᠪᠤᠷᠢ ᠶᠢᠨ ᠪᠤᠶᠢᠵᠢᠯᠲᠠ ᠶᠢ ᠠᠬᠢᠭᠤᠯᠵᠠᠢ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠰᠦᠯᠵᠢᠶ᠎ᠡ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠨᠢᠭᠡ ᠳᠤ᠂ 5G ᠪᠠ ᠮᠢᠩᠭᠠᠨ ᠰᠠᠶ᠎ᠠ ᠬᠡᠷᠡᠯ ᠰᠢᠷᠬᠡᠭᠲᠦ ᠵᠠᠭᠤᠴᠢᠯᠠᠭᠤᠷ ᠤᠨ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠪᠠ ᠬᠡᠷᠡᠭᠯᠡᠯᠲᠡ ᠶᠢ ᠶᠡᠭᠡ ᠪᠠᠷ ᠠᠬᠢᠭᠤᠯᠬᠤ ᠬᠡᠷᠡᠭᠲᠡᠢ᠃ ᠮᠢᠩᠭᠠᠨ ᠰᠠᠶ᠎ᠠ ᠬᠡᠷᠡᠯ ᠰᠢᠷᠬᠡᠭᠲᠦ ᠵᠠᠭᠤᠴᠢᠯᠠᠭᠤᠷ ᠤᠨ ᠰᠦᠯᠵᠢᠶ᠎ᠡ ᠶᠢ ᠲᠠᠰ ᠳᠡᠪᠰᠢᠭᠦᠯᠬᠦ ᠪᠠ ᠡᠷᠦᠬᠡ ᠳᠤ ᠣᠷᠣᠭᠤᠯᠬᠤ ᠥᠭᠡᠷᠡᠴᠢᠯᠡᠯᠲᠡ ᠶᠢ ᠥᠷᠨᠢᠭᠦᠯᠵᠦ᠂ ᠬᠤᠲᠠ ᠶᠢᠨ ᠲᠣᠭᠲᠠᠮᠠᠯ ᠪᠠ ᠰᠢᠯᠵᠢᠮᠡᠯ ︽ᠮᠢᠩᠭᠠᠨ ᠰᠠᠶ᠎ᠠ ᠡᠷᠦᠬᠡ ᠳᠤ ᠬᠦᠷᠬᠦ︾ ᠴᠢᠳᠠᠪᠤᠷᠢ ᠦᠨᠳᠦᠰᠦᠨ ᠳᠤ ᠪᠠᠨ ᠪᠦᠷᠢᠯᠳᠦᠭᠦᠯᠬᠦ ᠶᠢ ᠠᠬᠢᠭᠤᠯᠤᠨ᠂ ᠡᠨᠡ ᠵᠢᠯ ᠮᠢᠩᠭᠠᠨ ᠰᠠᠶ᠎ᠠ ᠬᠡᠷᠡᠯ ᠰᠢᠷᠬᠡᠭᠲᠦ ᠵᠠᠭᠤᠴᠢᠯᠠᠭᠤᠷ ᠤᠨ ᠰᠦᠯᠵᠢᠶ᠎ᠡ ᠶᠢ 2 ᠳ᠋ᠦᠩᠰᠢᠭᠤᠷ ᠭᠠᠷᠤᠶ ᠡᠷᠦᠬᠡ ᠳᠤ ᠪᠦᠷᠬᠦᠭᠦᠯᠬᠦ ᠶᠢ ᠪᠡᠶᠡᠯᠡᠭᠦᠯᠦᠨ᠎ᠡ᠃ ᠥᠷᠭᠡᠨ ᠪᠦᠰᠡᠲᠦ ᠰᠦᠯᠵᠢᠶ᠎ᠡ ᠶᠢ ᠵᠠᠰᠠᠭ ᠵᠠᠬᠢᠷᠭᠠᠨ ᠤ ᠲᠣᠰᠬᠤᠨ ᠳᠤ ᠨᠡᠶᠢᠳᠡᠮ ᠪᠦᠷᠬᠦᠭᠦᠯᠬᠦ ᠶᠢ ᠠᠬᠢᠭᠤᠯᠬᠤ ᠶᠢᠨ ᠬᠠᠮᠲᠤ ᠦᠢᠯᠡᠳᠪᠦᠷᠢᠯᠡᠯ ᠠᠵᠢᠯᠯᠠᠭᠠᠨ ᠤ ᠲᠣᠭᠤᠷᠢᠭ᠂ ᠵᠠᠮ ᠬᠠᠷᠢᠯᠴᠠᠭᠠᠨ ᠤ ᠴᠢᠬᠤᠯᠠ ᠵᠠᠮ ᠳᠠᠭᠠᠤ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠲᠡᠶᠢᠰᠢ ᠥᠷᠭᠡᠳᠬᠡᠨ᠎ᠡ᠃ ᠬᠤᠶᠠᠷ ᠲᠤ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠ ᠵᠢᠵᠢᠭ ᠠᠵᠤ ᠠᠬᠤᠶᠢᠯᠠᠯ ᠤᠨ ᠥᠷᠭᠡᠨ ᠪᠦᠰᠡ ᠪᠠ ᠲᠤᠰᠬᠠᠶ ᠱᠤᠭᠤᠮ ᠤᠨ ᠳᠤᠮᠳᠠᠴᠢ ᠰᠦᠢᠳᠬᠡᠯ ᠢ ᠲᠠᠬᠢᠨ 10% ᠪᠠᠷ ᠪᠠᠭᠤᠷᠠᠭᠤᠯᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠦᠮᠦᠰ ᠲᠤ ᠵᠠᠷᠤᠳᠠᠯ ᠤᠨ ᠬᠠᠷᠠᠭᠠᠯᠵᠠᠯ ᠦᠵᠡᠭᠦᠯᠬᠦ ᠬᠡᠷᠡᠭᠲᠡᠢ᠃ ᠭᠤᠷᠪᠠ ᠳᠤ᠂ ᠬᠤᠳᠠᠯᠳᠤᠭᠠᠨ ᠤ ᠶᠠᠪᠤᠳᠠᠯ ᠤᠨ ᠠᠰᠠᠷ ᠲᠠᠭᠲᠤ ᠶᠢᠨ ᠥᠷᠭᠡᠨ ᠪᠦᠰᠡᠲᠦ ᠰᠦᠯᠵᠢᠶ᠎ᠡ ᠶᠢ ᠭᠠᠭᠴᠠᠭᠠᠷ ᠡᠵᠡᠮᠰᠢᠨ ᠵᠠᠯᠭᠠᠨ ᠣᠷᠣᠭᠤᠯᠬᠤ᠂ ᠠᠯᠪᠠᠳᠠᠯᠭ᠎ᠠ ᠪᠠᠷ ᠦᠨ᠎ᠡ ᠥᠰᠬᠡᠬᠦ ᠵᠡᠷᠭᠡ ᠦᠢᠯᠡ ᠠᠵᠢᠯᠯᠠᠭ᠎ᠠ ᠶᠢ ᠡᠷᠡᠰ ᠴᠡᠭᠴᠡᠯᠡᠨ ᠵᠠᠰᠠᠵᠤ᠂ ᠲᠡᠭᠦᠰᠭᠡᠯ ᠦᠵᠦᠭᠦᠷ ᠤᠨ ᠰᠦᠯᠵᠢᠶᠡᠨ ᠤ ᠬᠡᠷᠡᠭᠯᠡᠭᠴᠢᠳ ᠬᠤᠷᠳᠤᠴᠠ ᠶᠢ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠤᠭᠰᠠᠨ ᠪᠣᠳᠠᠲᠤ ᠦᠷ᠎ᠡ ᠠᠰᠢᠭ ᠢ ᠣᠯᠵᠤ ᠭᠥᠷᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠥᠷᠭᠡᠨ ᠪᠦᠰᠡᠲᠦ ᠰᠦᠯᠵᠢᠶ᠎ᠡ ᠳᠤ ᠵᠠᠯᠭᠠᠵᠤ ᠣᠷᠣᠭᠤᠯᠬᠤ ᠲᠤᠬᠠᠶᠢᠯᠠᠭᠰᠠᠨ ᠠᠵᠢᠯ ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠵᠣᠬᠢᠰᠲᠠᠶ ᠪᠠᠷ ᠳᠣᠷᠣᠭᠰᠢᠯᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠡᠷᠭᠡ ᠶᠢᠨ ᠣᠷᠣᠯᠴᠠᠬᠤ ᠶᠢ ᠲᠡᠮᠵᠢᠵᠤ᠂ ᠵᠠᠬ᠎ᠠ ᠳᠡᠯᠭᠡᠭᠦᠷ ᠤᠨ ᠲᠥᠪ ᠭᠤᠣᠯᠴᠢ ᠥᠷᠢᠰᠥᠯᠳᠦᠭᠡᠨ ᠢᠶᠠᠷ ᠵᠠᠷᠤᠳᠠᠯ ᠰᠦᠢᠳᠬᠡᠯ ᠤᠨ ᠪᠠᠭᠤᠷᠠᠯᠲᠠ ᠶᠢ ᠠᠬᠢᠭᠤᠯᠬᠤ ᠬᠡᠷᠡᠭᠲᠡᠢ᠃ ᠲᠦᠷᠪᠡ ᠳᠤ᠂ ᠴᠠᠬᠢᠯᠭᠠᠨ ᠬᠤᠯᠪᠣᠭᠠᠨ ᠤ ᠰᠠᠭᠤᠷᠢ ᠪᠡᠯᠡᠳᠬᠡᠮᠵᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠶᠢ ᠴᠢᠩᠭᠠᠳᠬᠠᠵᠤ᠂ ᠰᠦᠯᠵᠢᠶᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠢᠨᠲ᠋ᠧᠷ ᠰᠦᠯᠵᠢᠶᠡᠨ ᠤ ᠭᠤᠣᠯᠯᠠᠬᠤ ᠲᠣᠣᠷ ᠤᠨ ᠬᠤᠭᠤᠷᠣᠨᠳᠣᠬᠢ ᠥᠷᠭᠡᠨ ᠪᠦᠰᠡ ᠶᠢᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠲᠣᠣᠷ ᠠᠯᠤᠰᠯᠠᠭᠰᠠᠨ ᠴᠢᠮᠡᠭᠡ ᠬᠤᠯᠪᠣᠭᠠᠨ ᠤ ᠶᠠᠰᠤ ᠴᠢᠨᠠᠷ ᠢ ᠰᠠᠶᠢᠵᠢᠷᠠᠭᠤᠯᠬᠤ ᠬᠡᠷᠡᠭᠲᠡᠢ ᠭᠡᠵᠡᠢ᠃ ᠬᠤᠷᠠᠯ ᠠᠴᠠ ᠵᠢᠭᠠᠬᠤ ᠳᠤ ᠪᠠᠨ᠂ ᠮᠠᠨ ᠤ ᠤᠯᠤᠰ ᠤᠨ ᠰᠢᠨ᠎ᠡ ᠨᠢᠭᠡᠨ ᠡᠭᠡᠯᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠨᠢ ᠳᠡᠯᠡᠬᠡᠶ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂ ᠠᠷᠪᠠ ᠭᠠᠷᠤᠶ ᠳ᠋ᠦᠩᠰᠢᠭᠤᠷ ᠬᠥᠮᠦᠨ ᠳᠤ ᠠᠰᠢᠭ ᠬᠦᠷᠲᠡᠭᠡᠬᠦ ᠡᠮᠴᠢᠯᠡᠭᠡ ᠶᠢᠨ ᠦᠨᠳᠦᠰᠦᠨ ᠳᠠᠭᠠᠳᠬᠠᠯ ᠤᠨ ᠲᠣᠣᠷ ᠢ ᠪᠠᠶᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠡᠪᠡᠳᠴᠢᠨ ᠦᠵᠡᠭᠦᠯᠬᠦ ᠳᠤ ᠵᠠᠷᠤᠳᠠᠯ ᠥᠨᠳᠥᠷ ᠪᠠᠶᠢᠬᠤ ᠠᠰᠠᠭᠤᠳᠠᠯ ᠢ ᠨᠠᠮᠳᠠᠭᠤᠯᠬᠤ ᠳᠤ ᠴᠢᠬᠤᠯᠠ ᠦᠢᠯᠡᠳᠦᠯ ᠭᠠᠷᠭᠠᠵᠠᠶ᠃ ᠣᠶᠢᠷ᠎ᠠ ᠶᠢᠨ ᠵᠢᠯ ᠳᠤ᠂ ᠪᠠᠰᠠ ᠮᠠᠰᠢ ᠣᠯᠠᠨ ᠡᠪᠡᠳᠴᠢᠲᠡᠨ ᠳᠤ ᠬᠤᠯᠪᠣᠭᠳᠠᠭᠰᠠᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠᠭᠠᠢ ᠡᠪᠡᠳᠴᠢᠨ ᠢ ᠡᠮᠴᠢᠯᠡᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠬᠤ ᠪᠠᠷ ᠪᠣᠢ᠃ ᠲᠠᠷᠠᠭᠠᠴᠢ ᠶᠢᠨ ᠠᠯᠬᠤᠮ ᠳᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠵᠤ᠂ ᠨᠠᠩ ᠣᠯᠠᠨ ᠡᠭᠦᠳᠡᠨ ᠡᠮᠨᠡᠯᠭᠡ ᠶᠢᠨ ᠵᠠᠷᠤᠳᠠᠯ ᠢ ᠡᠮᠴᠢᠯᠡᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ ᠡᠪᠡᠳᠴᠢᠲᠡᠨ ᠤ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠬᠡᠷᠡᠭᠲᠡᠢ ᠭᠡᠵᠡᠢ᠃ ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ᠂ ᠡᠷᠡᠭᠦᠯ ᠮᠡᠨᠳᠦ ᠳᠤ ᠬᠥᠨᠥᠭᠡᠯ ᠶᠡᠭᠡ᠂ ᠵᠠᠷᠤᠳᠠᠯ ᠰᠦᠢᠳᠬᠡᠯ ᠤᠨ ᠳᠠᠷᠤᠭᠠᠰᠤ ᠬᠦᠨᠳᠦ ᠬᠡᠰᠡᠭ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠᠭᠠᠢ ᠡᠪᠡᠳᠴᠢᠨ ᠪᠠ ᠣᠯᠠᠨ ᠡᠭᠦᠰᠳᠡᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠤ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦᠨ ᠳᠤ ᠣᠷᠣᠭᠤᠯᠵᠤ ᠲᠥᠯᠥᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠳᠥᠯᠥᠬᠦ ᠬᠠᠷᠢᠴᠠᠯ ᠢ 50% ᠠᠴᠠ ᠡᠬᠢᠯᠡᠭᠦᠯᠵᠦ᠂ ᠠᠵᠢᠯ ᠠᠴᠠ ᠪᠠᠨ ᠠᠮᠠᠷᠠᠭᠰᠠᠳ ᠲᠡᠶᠢᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ ᠬᠤᠶᠢᠰᠢᠳᠠ ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ ᠶᠢᠨ ᠨᠡᠮᠡᠭᠳᠡᠬᠦ ᠶᠢ ᠳᠠᠭᠠᠯᠳᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠬᠤ ᠠᠷᠭ᠎ᠠ ᠶᠢ ᠰᠠᠶᠢᠵᠢᠷᠠᠭᠤᠯᠬᠤ ᠬᠡᠷᠡᠭᠲᠡᠢ᠃ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠦᠨ ᠤ ᠲᠤᠰᠢᠶᠠᠬᠤ ᠰᠦᠢᠳᠬᠡᠯ ᠢ ᠮᠥᠨ ᠬᠤᠪᠢ ᠬᠥᠮᠦᠨ ᠤ ᠲᠠᠩᠰᠠᠨ ᠡᠷᠦᠬᠡ ᠳᠤ ᠪᠣᠳᠣᠨ ᠣᠷᠣᠭᠤᠯᠵᠤ᠂ ᠪᠠᠶᠢᠭᠤᠯᠭ᠎ᠠ ᠨᠢᠭᠡᠴᠢ ᠶᠢᠨ ᠲᠤᠰᠢᠶᠠᠬᠤ ᠰᠦᠢᠳᠬᠡᠯ ᠢ ᠪᠦᠬᠦᠨ ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠳᠤ ᠪᠤᠳᠤᠵᠤ ᠣᠷᠣᠭᠤᠯᠤᠨ᠎ᠠ︔ ᠠᠵᠢᠯ ᠠᠴᠠ ᠪᠠᠨ ᠠᠮᠠᠷᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠶᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠠᠴᠠ ᠲᠣᠭᠲᠠᠭᠰᠠᠨ ᠨᠣᠷᠮ᠎ᠠ ᠪᠠᠷ ᠬᠤᠪᠢᠶᠠᠷᠢᠯᠠᠨ ᠣᠷᠣᠭᠤᠯᠵᠤ᠂ ᠬᠤᠪᠢᠶᠠᠷᠢᠯᠠᠨ ᠣᠷᠣᠭᠤᠯᠬᠤ ᠲᠤᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠲᠣᠰ ᠵᠦᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠤᠬᠠᠶ ᠶᠢᠨ ᠵᠢᠯ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠤᠮᠳᠠᠴᠢ ᠬᠢᠷᠢ ᠲᠦᠪᠰᠢᠨ ᠤ 2% ᠣᠷᠴᠢᠮ ᠬᠦᠷᠲᠡᠯ᠎ᠡ ᠠᠯᠬᠤᠮ ᠠᠯᠬᠤᠮ ᠢᠶᠠᠷ ᠲᠣᠬᠢᠷᠠᠭᠤᠯᠬᠤ ᠬᠡᠷᠡᠭᠲᠡᠢ᠃ ᠭᠤᠷᠪᠠ ᠳᠤ᠂ ᠬᠤᠪᠢ ᠬᠥᠮᠦᠨ ᠤ ᠲᠠᠩᠰᠠᠨ ᠡᠷᠦᠬᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠬᠡᠷ ᠪᠦᠯᠢ ᠶᠢᠨ ᠪᠦᠷᠢᠯᠳᠦᠬᠦᠨ ᠤ ᠬᠠᠷᠢᠯᠴᠠᠨ ᠬᠠᠷᠠᠭᠠᠯᠵᠠᠬᠤ ᠶᠢ ᠵᠥᠪᠰᠢᠶᠡᠷᠡᠵᠦ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠬᠦ ᠵᠢᠴᠢ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠳᠤ ᠡᠭᠦᠰᠦᠭᠰᠡᠨ ᠬᠤᠪᠢ ᠬᠥᠮᠦᠨ ᠤ ᠡᠭᠦᠷᠭᠡᠯᠡᠬᠦ ᠵᠠᠷᠤᠳᠠᠯ ᠢ ᠳᠥᠯᠥᠬᠦ ᠳᠤ ᠬᠡᠷᠡᠭᠯᠡᠵᠦ᠂ ᠬᠡᠷ ᠪᠦᠯᠢ ᠶᠢᠨ ᠬᠢᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠵᠡᠷᠭᠡ ᠬᠤᠪᠢ ᠬᠥᠮᠦᠨ ᠤ ᠰᠦᠢᠳᠬᠡᠯ ᠲᠤᠰᠢᠶᠠᠬᠤ ᠳᠤ ᠬᠡᠷᠡᠭᠯᠡᠬᠦ ᠶᠢ ᠰᠦᠪᠡᠭᠴᠢᠯᠡᠬᠦ ᠬᠡᠷᠡᠭᠲᠡᠢ᠃ ᠳᠥᠷᠪᠡ ᠳᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠷᠭᠤᠭᠤᠯᠤᠨ ᠪᠤᠳᠤᠬᠤ᠂ ᠳᠣᠲᠣᠭᠠᠳᠤ ᠳᠤ ᠪᠠᠨ ᠡᠵᠡᠮᠳᠡᠬᠦ ᠵᠡᠷᠭᠡ ᠲᠦᠷᠢᠮ ᠢ ᠲᠡᠭᠦᠯᠳᠡᠷᠵᠢᠭᠦᠯᠦᠨ᠂ ᠬᠤᠳᠠᠯ ᠬᠠᠭᠤᠷᠮᠠᠭ ᠢᠶᠠᠷ ᠡᠮᠨᠡᠯᠭᠡ ᠳᠤ ᠰᠠᠭᠤᠬᠤ᠂ ᠬᠠᠭᠤᠷᠮᠠᠭᠯᠠᠨ ᠬᠢᠬᠠᠵᠤ ᠳᠠᠭᠠᠳᠬᠠᠯ ᠮᠡᠬᠡᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠲᠠᠢ ᠵᠣᠬᠢᠴᠠᠯᠳᠤᠭᠰᠠᠨ ᠰᠦᠢᠳᠬᠡᠯ ᠲᠤᠰᠢᠶᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠭᠤᠷᠪᠠᠨ ᠵᠢᠯ ᠣᠷᠴᠢᠮ ᠤᠨ ᠰᠢᠯᠵᠢᠯᠲᠡ ᠶᠢᠨ ᠬᠤᠭᠤᠴᠠᠭ᠎ᠠ ᠶᠢ ᠲᠣᠭᠲᠠᠭᠠᠵᠤ᠂ ᠥᠭᠡᠷᠡᠴᠢᠯᠡᠯᠲᠡ ᠶᠢᠨ ᠬᠠᠷᠠᠯᠲᠠ ᠶᠢ ᠠᠯᠬᠤᠮ ᠠᠯᠬᠤᠮ ᠢᠶᠠᠷ ᠡᠮᠬᠢ ᠵᠢᠷᠤᠮ ᠲᠠᠢ ᠪᠡᠶᠡᠯᠡᠭᠦᠯᠬᠦ ᠬᠡᠷᠡᠭᠲᠡᠢ ᠭᠡᠵᠡᠢ᠃ ᠬᠤᠷᠠᠯ ᠠᠴᠠ ᠪᠠᠰᠠ ᠱᠠᠭᠠᠷᠳᠠᠬᠤ ᠳᠤ ᠪᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠭᠡ ᠶᠢ ᠲᠡᠭᠦᠯᠳᠡᠷᠵᠢᠭᠦᠯᠬᠦ ᠶᠢᠨ ᠬᠠᠮᠲᠤ ᠪᠠᠲᠤᠯᠠᠭ᠎ᠠ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠶ ᠭᠡᠵᠡᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|