ᠮᠠᠨ ᠤ ᠣᠷᠣᠨ ᠤ 3 ᠠᠵᠢᠯ ᠤᠨ ᠵᠢᠱᠢᠶ᠎ᠡ ᠪᠥᠬᠦ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠠᠵᠢᠯ ᠤᠨ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2021/4/8
      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ 2020 ᠣᠨ ᠤ ᠪᠥᠬᠦ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠠᠵᠢᠯ ᠤᠨ ᠵᠢᠱᠢᠶ᠎ᠡ ᠶᠢ ᠨᠡᠶᠢᠲᠡᠯᠡᠵᠦ᠂ ᠮᠠᠨ ᠤ ᠣᠷᠣᠨ ᠤ ᠮᠡᠳᠡᠭᠦᠯᠦᠭᠰᠡᠨ 3 ᠠᠵᠢᠯ ᠤᠨ ᠵᠢᠱᠢᠶ᠎ᠡ ᠰᠣᠩᠭᠤᠭᠳᠠᠪᠠ᠃       ᠰᠠᠭᠤᠷᠢ ᠰᠤᠷᠭᠠᠨ ᠬᠥᠮᠦᠵᠢᠯ ᠨᠢ ᠤᠯᠤᠰ ᠠᠷᠠᠳ ᠤᠨ ᠰᠤᠷᠭᠠᠨ ᠬᠥᠮᠦᠵᠢᠯ ᠤᠨ ᠲᠣᠭᠲᠠᠯᠴᠠᠭ᠎ᠠ ᠳᠤ ᠰᠠᠭᠤᠷᠢᠯᠠᠬᠤ ᠴᠢᠨᠠᠷᠲᠠᠶ᠂ ᠬᠤᠰᠢᠭᠤᠴᠢ ᠴᠢᠨᠠᠷᠲᠠᠶ ᠪᠠᠶᠢᠷᠢᠨ ᠳᠤ ᠣᠷᠣᠰᠢᠵᠤ ᠪᠠᠶᠢᠳᠠᠭ᠃ ᠪᠥᠬᠦ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠠᠵᠢᠯ ᠤᠨ ᠵᠢᠱᠢᠶ᠎ᠡ ᠶᠢ ᠰᠢᠯᠭᠠᠷᠠᠭᠤᠯᠬᠤ ᠪᠣᠯ ᠰᠤᠷᠭᠠᠨ ᠬᠥᠮᠦᠵᠢᠯ ᠤᠨ ᠶᠠᠮᠤᠨ ᠤ ᠪᠥᠬᠦ ᠤᠯᠤᠰ ᠤᠨ ᠡᠯ᠎ᠡ ᠭᠠᠵᠠᠷ ᠤᠨ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠡᠷᠢᠭᠦᠨ ᠤ ᠲᠤᠷᠰᠢᠯᠭ᠎ᠠ ᠶᠢ ᠳ᠋ᠦᠩᠨᠡᠵᠦ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠮᠠᠨ ᠤ ᠣᠷᠣᠨ ᠤ ᠲᠣᠰ ᠤᠳᠠᠭ᠎ᠠ ᠰᠣᠩᠭᠤᠭᠳᠠᠭᠰᠠᠨ 3 ᠠᠵᠢᠯ ᠤᠨ ᠵᠢᠱᠢᠶ᠎ᠡ ᠨᠢ ᠲᠤᠰ ᠲᠤᠰ᠂ ᠭᠤᠤᠯᠯᠠᠬᠤ ᠬᠡᠪ ᠪᠣᠯᠪᠠᠰᠤᠷᠠᠯ ᠤᠨ ᠴᠠᠭ ᠦᠶ᠎ᠡ ᠳᠤ ᠰᠠᠭᠤᠷᠢᠯᠠᠭᠰᠠᠨ ᠰᠤᠷᠤᠭᠴᠢᠳ ᠤᠨ ᠭᠦᠨᠵᠡᠭᠡᠶ ᠰᠤᠷᠤᠯᠴᠠᠬᠤ ᠣᠷᠣᠨ ᠪᠦᠰᠡ ᠪᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠮᠢ ᠠᠬᠤᠶ ᠶᠢ ᠳᠠᠬᠢᠨ ᠪᠠᠶᠢᠭᠤᠯᠵᠤ᠂︽ᠰᠤᠷᠤᠯᠴᠠᠯᠭ᠎ᠠ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ︿ᠨᠢᠭᠡ ᠶᠢ ᠴᠦ ᠣᠷᠬᠢᠭᠳᠠᠭᠤᠯᠬᠤ ᠥᠬᠡᠶ﹀ ᠵᠢᠩᠬᠢᠨᠢ ᠰᠤᠷᠭᠠᠨ ᠬᠥᠮᠦᠵᠢᠯ ᠢ ᠡᠷᠭᠢᠯᠡᠬᠦ︾ ᠠᠷᠪᠠᠨ ᠶᠡᠭᠡ ᠠᠵᠢᠯᠯᠠᠭ᠎ᠠ ᠶᠢ ᠬᠡᠷᠡᠭᠵᠢᠭᠦᠯᠦᠭᠰᠡᠨ ᠤᠯᠠᠭᠠᠨᠬᠠᠳᠠ ᠬᠤᠲᠠ ᠶᠢᠨ ᠰᠤᠷᠤᠯᠴᠠᠯᠭ᠎ᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯᠯᠠᠭᠠᠨ ᠤ ᠰᠥᠪᠡᠭᠴᠢᠯᠡᠯᠲᠡ︔ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠ ᠰᠤᠷᠭᠠᠭᠤᠯᠢ᠂ ᠪᠠᠭᠰᠢ᠂ ᠰᠤᠷᠤᠭᠴᠢᠳ ᠦᠨᠡᠯᠡᠯᠲᠡ ᠥᠭᠬᠦ ᠶᠢ ᠰᠢᠰᠲ᠋ᠧᠮ ᠲᠠᠢ ᠬᠠᠮᠵᠢᠯᠴᠠᠨ ᠠᠬᠢᠭᠤᠯᠵᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠪᠠᠷ ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠦᠳᠦᠯᠦᠨ ᠳᠠᠭᠠᠭᠤᠯᠤᠭᠰᠠᠨ ᠪᠤᠭᠤᠲᠤ ᠬᠤᠳᠠ ᠶᠢᠨ ᠠᠵᠢᠯ ᠤᠨ ᠵᠢᠱᠢᠶ᠎ᠡ︔ ᠵᠢᠴᠢ ︽ᠭᠤᠤᠯᠯᠠᠬᠤ ᠬᠡᠪ ᠪᠣᠯᠪᠠᠰᠤᠷᠠᠯ ᠢ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠤ ᠬᠥᠮᠦᠵᠢᠯ ᠢ ᠦᠨᠳᠦᠰᠦ ᠰᠠᠭᠤᠷᠢ ᠲᠠᠢ ᠬᠢᠬᠦ︾ ᠰᠢᠨ᠎ᠡ ᠰᠡᠳᠬᠢᠮᠵᠢ ᠶᠢ ᠳᠤᠷᠠᠳᠤᠨ ᠭᠠᠷᠭᠠᠵᠤ᠂ ︽ᠰᠤᠷᠭᠠᠭᠤᠯᠢ ᠶᠢᠨ ᠳᠣᠲᠣᠨ᠎ᠠ ᠭᠠᠳᠠᠨᠠᠬᠢ ᠶᠢ ᠨᠢᠭᠡ ᠴᠤᠭᠴᠠᠵᠢᠭᠤᠯᠤᠨ ᠨᠠᠶᠢᠳᠠᠪᠤᠷᠢᠵᠢᠭᠤᠯᠬᠤ︾ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠰᠢᠨ᠎ᠡ ᠵᠠᠭᠪᠤᠷ ᠢ ᠪᠠᠶᠢᠭᠤᠯᠤᠨ᠂︽ᠲᠠᠪᠤ ᠶᠢ ᠠᠭᠤᠰᠤᠯᠴᠠᠭᠤᠯᠤᠨ᠂ ᠲᠠᠪᠤ ᠶᠢ ᠪᠠᠬᠢᠵᠢᠭᠦᠯᠬᠦ︾ ᠶᠢ ᠠᠭᠤᠰᠤᠯᠴᠠᠭᠤᠯᠤᠭᠰᠠᠨ ᠶᠣᠰᠣ ᠰᠤᠷᠲᠠᠬᠤᠨ ᠤ ᠬᠥᠮᠦᠵᠢᠯ ᠤᠨ ᠬᠢᠴᠢᠶᠡᠯ ᠤᠨ ᠰᠢᠨ᠎ᠡ ᠲᠣᠭᠲᠠᠯᠴᠠᠭ᠎ᠠ ᠶᠢ ᠬᠠᠶᠢᠨ ᠰᠦᠪᠡᠭᠴᠢᠯᠡᠵᠦ᠂ ︽ᠵᠢᠷᠭᠤᠭᠠᠨ ᠨᠢᠭᠡ︾ ᠶᠢ ᠠᠭᠤᠰᠤᠯᠴᠠᠭᠤᠯᠤᠭᠰᠠᠨ ᠶᠣᠰᠣ ᠰᠤᠷᠲᠠᠬᠤᠨ ᠤ ᠬᠥᠮᠦᠵᠢᠯ ᠤᠨ ᠬᠢᠴᠢᠶᠡᠯ ᠢ ᠬᠡᠷᠡᠭᠵᠢᠭᠦᠯᠬᠦ ᠰᠢᠨ᠎ᠡ ᠠᠷᠭ᠎ᠠ ᠵᠠᠮ ᠢ ᠲᠣᠳᠣᠷᠬᠠᠶᠢᠯᠠᠭᠰᠠᠨ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ ᠰᠢᠨ᠎ᠡ ᠬᠠᠶᠢᠨ ᠰᠦᠪᠡᠭᠴᠢᠯᠡᠯᠲᠡ ᠬᠢᠭᠰᠡᠨ ᠠᠵᠢᠯ ᠤᠨ ᠵᠢᠱᠢᠶ᠎ᠡ ᠪᠣᠯᠤᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ