︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/4/8
                                       ᠥᠪᠥᠷ ᠵᠠᠰᠠᠭ ᠠᠯᠪᠠᠨ ᠲᠠᠷᠬᠠᠭᠠᠭᠰᠠᠨ ﹇2020﹈ 52 ᠳ᠋ᠤᠭᠠᠷ ᠲᠣᠭᠠᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢ  ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃                                                                           2020 ᠣᠨ ᠤ 12 ᠳ᠋ᠤᠭᠠᠷ ᠰᠠᠷ᠎ᠠ ᠶᠢᠨ 23 ᠤ ᠡᠳᠦᠷ                                                                            ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ                                      ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ ᠶᠡᠷᠦᠩᠬᠡᠢ ᠲᠦᠷᠢᠮ      ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢ ᠠᠬᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠵᠠᠬ᠎ᠠ ᠳᠡᠯᠭᠡᠭᠦᠷ ᠲᠤ ᠦᠨᠡᠨᠴᠢ ᠢᠲᠡᠭᠡᠮᠵᠢᠲᠡᠶ ᠣᠷᠴᠢᠨ ᠢ ᠪᠤᠢ ᠪᠣᠯᠭᠠᠬᠤ ᠶᠢᠨ ᠲᠤᠰᠠᠳᠠ᠂ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠠᠷᠠᠳ ᠤᠨ ᠳᠡᠭᠡᠳᠦ ᠰᠢᠭᠦᠬᠦ ᠬᠤᠷᠢᠶᠠᠨ ᠤ ︽ᠳᠠᠭᠠᠭᠠᠴᠢᠯᠠᠯᠲᠠ ᠵᠠᠷᠯᠠᠵᠦ ᠳᠠᠭᠠᠭᠠᠴᠢᠯᠠᠯᠲᠠ ᠬᠦᠯᠢᠶᠡᠬᠦ ᠠᠵᠢᠯᠯᠠᠭᠠᠨ ᠳᠠᠬᠢ ᠢᠲᠡᠭᠡᠯ ᠠᠯᠳᠠᠭᠰᠠᠨ ᠭᠦᠢᠴᠡᠳᠬᠡᠭᠳᠡᠭᠴᠢ ᠳᠤ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠶᠢ ᠬᠡᠷᠡᠭᠵᠢᠭᠦᠯᠬᠦ ᠲᠤᠬᠠᠢ ᠮᠡᠳᠡᠭᠳᠡᠯ︾ ︵ᠰᠢᠭᠦᠬᠦ ﹇2016﹈ 285 ᠳ᠋ᠤᠭᠠᠷ ᠲᠣᠭᠠᠲᠤ︶᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠶᠠᠮᠤᠨ ᠵᠥᠪᠯᠡᠯ ᠤᠨ ︽︿ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠳᠤ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠶᠢ ᠦᠷᠨᠢᠭᠦᠯᠬᠦ ᠰᠠᠨᠠᠭᠤᠯᠤᠮᠵᠢ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠬᠠᠤᠯᠢ ᠲᠣᠭᠲᠠᠭᠠᠯ ﹇2018﹈ 457 ᠳ᠋ᠤᠭᠠᠷ ᠲᠣᠭᠠᠲᠤ︶ ᠵᠡᠷᠭᠡ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠰᠢᠩᠬᠡᠬᠡᠨ ᠲᠡᠮᠳᠡᠭᠯᠡᠬᠦ᠂ ᠴᠤᠭᠯᠠᠭᠤᠯᠤᠨ ᠨᠡᠶᠢᠯᠡᠭᠦᠯᠬᠦ᠂ ᠢᠯᠡ ᠪᠣᠯᠭᠠᠬᠤ᠂ ᠬᠠᠮᠳᠤ ᠪᠠᠷ ᠭᠥᠷᠳᠡᠬᠦ ᠪᠠ ᠬᠡᠷᠡᠭᠯᠡᠬᠦ ᠳᠤ ᠲᠣᠬᠢᠷᠠᠭᠤᠯᠣᠨ ᠬᠡᠷᠡᠭᠯᠡᠨ᠎ᠡ᠃      ᠲᠤᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠡ ᠭᠡᠳᠡᠭ ᠨᠢ ᠣᠯᠠᠨ ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠭᠰᠠᠨ ᠨᠡᠶᠢᠲᠡ ᠶᠢᠨ ᠥᠮᠴᠢᠯᠡᠯ ᠤᠨ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠶᠢ ᠵᠢᠭᠠᠵᠤ ᠪᠤᠶ᠃      ᠲᠤᠰ ᠠᠷᠭ᠎ᠠ ᠳᠤ ᠬᠡᠯᠡᠵᠦ ᠪᠠᠶᠢᠭ᠎ᠠ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠳᠤ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠳᠤ ᠣᠷᠣᠯᠴᠠᠭᠰᠠᠨ ᠳᠠᠭᠠᠭᠠᠴᠢᠯᠠᠯᠲᠠ ᠵᠠᠷᠯᠠᠭᠴᠢ᠂ ᠬᠤᠳᠠᠯᠳᠤᠨ ᠠᠪᠤᠭᠴᠢ᠂ ᠲᠥᠯᠥᠪᠦᠷᠢᠲᠡᠢ ᠰᠢᠯᠵᠢᠭᠦᠯᠦᠭᠴᠢ᠂ ᠰᠢᠯᠵᠢᠭᠦᠯᠦᠨ ᠦᠭᠭᠦᠭᠴᠢ᠂ ᠨᠠᠶᠢᠳᠠᠭᠴᠢ ᠵᠡᠷᠭᠡ ᠲᠥᠷᠥᠯ ᠵᠦᠢᠯ ᠢ ᠡᠭᠦᠰᠭᠡᠨ ᠪᠠᠶᠢᠭᠤᠯᠤᠭᠴᠢ︔ ᠳᠠᠭᠠᠭᠠᠴᠢᠯᠠᠯᠲᠠ ᠵᠠᠷᠯᠠᠬᠤ ᠣᠷᠤᠯᠠᠯ ᠤᠨ ᠪᠠᠶᠢᠭᠤᠯᠤᠮᠵᠢ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠤᠯᠠᠨ ᠭᠦᠢᠴᠡᠳᠭᠡᠬᠦ ᠪᠠᠶᠢᠭᠤᠯᠤᠮᠵᠢ᠂ ᠦᠨ᠎ᠡ ᠬᠠᠶᠠᠵᠤ ᠬᠤᠳᠠᠯᠳᠤᠭᠠᠯᠠᠬᠤ ᠪᠠᠶᠢᠭᠤᠯᠤᠮᠵᠢ᠂ ᠥᠮᠴᠢᠯᠡᠬᠦ ᠡᠷᠬᠡ ᠶᠢᠨ ᠠᠷᠠᠯᠵᠢᠶᠠᠨ ᠤ ᠪᠠᠶᠢᠭᠤᠯᠤᠮᠵᠢ ᠵᠡᠷᠭᠡ ᠵᠠᠭᠤᠴᠢ ᠣᠷᠤᠯᠠᠭᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ︔ ᠳᠠᠭᠠᠭᠠᠴᠢᠯᠠᠯᠲᠠ ᠬᠦᠯᠢᠶᠡᠭᠴᠢ᠂ ᠬᠠᠩᠭᠠᠯᠭ᠎ᠠ ᠶᠢᠨ ᠬᠤᠳᠠᠯᠳᠤᠭᠠᠴᠢᠨ᠂ ᠰᠢᠯᠵᠢᠭᠦᠯᠦᠨ ᠠᠪᠤᠭᠴᠢ᠂ ᠥᠷᠢᠰᠥᠯᠳᠦᠨ ᠬᠤᠳᠠᠯᠳᠤᠨ ᠠᠪᠤᠭᠴᠢ ᠵᠡᠷᠭᠡ ᠲᠥᠷᠥᠯ ᠵᠦᠢᠯ ᠢ ᠠᠶᠠᠳᠠᠨ ᠳᠠᠭᠠᠭᠴᠢ︔ ᠳᠠᠭᠠᠭᠠᠴᠢᠯᠠᠯᠲᠠ ᠶᠢ ᠦᠨᠡᠯᠡᠨ ᠬᠢᠨᠠᠬᠤ ᠺᠣᠮᠢᠰ ᠤᠨ ᠪᠦᠷᠢᠯᠳᠦᠬᠦᠨ ᠵᠢᠴᠢ ᠬᠠᠮᠢᠶ᠎ᠠ ᠪᠦᠬᠦᠢ ᠠᠵᠢᠯᠯᠠᠭᠰᠠᠳ ᠵᠡᠷᠭᠡ ᠪᠠᠭᠲᠠᠨ᠎ᠠ᠃      ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠭᠡᠳᠡᠭ ᠨᠢ ᠨᠢᠭᠡᠳᠦᠯᠲᠡᠶ ᠲᠦᠷᠢᠮ ᠪᠠ ᠪᠠᠷᠢᠮᠵᠢᠶ᠎ᠠ ᠶᠢ ᠬᠡᠷᠡᠭᠵᠢᠭᠦᠯᠵᠦ᠂ ᠨᠡᠭᠡᠭᠡᠯᠲᠡ ᠬᠢᠵᠦ ᠬᠠᠮᠲᠤ ᠳᠤ ᠪᠠᠨ ᠭᠥᠷᠳᠡᠬᠦ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠪᠠ ᠵᠢᠷᠤᠮᠵᠢᠭᠰᠠᠨ ᠢᠯᠡ ᠲᠣᠳᠣ ᠠᠵᠢᠯᠯᠠᠭᠠᠨ ᠤ ᠲᠣᠭᠲᠠᠴᠠ ᠶᠢ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ᠂ ᠨᠡᠶᠢᠭᠡᠮ ᠤᠨ ᠣᠯᠠᠨ ᠨᠡᠶᠢᠲᠡ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠵᠡᠷᠭᠡ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠬᠤ ᠲᠤᠨᠨᠳᠠᠯᠴᠠᠭ᠎ᠠ ᠶᠢ ᠵᠢᠭᠠᠵᠤ ᠪᠣᠶ᠃      ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠭᠡᠳᠡᠭ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠡᠯᠧᠺᠲᠷᠣᠨ ᠠᠷᠠᠯᠵᠢᠶᠡᠨ ᠤ ᠰᠢᠰᠲ᠋ᠧᠮ᠂ ᠬᠢᠨᠠᠨ ᠬᠠᠮᠢᠶᠠᠷᠬᠤ ᠰᠢᠰᠲ᠋ᠧᠮ ᠪᠠ ᠪᠤᠰᠤᠳ ᠡᠯᠧᠺᠲᠷᠣᠨ ᠰᠢᠰᠲ᠋ᠧᠮ ᠢ ᠬᠤᠯᠪᠣᠨ ᠨᠡᠪᠲᠡᠷᠡᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠮᠡᠳᠡᠭᠡ ᠵᠠᠩᠭᠢ ᠶᠢᠨ ᠳ᠋ᠠᠶᠢᠲ᠋ᠠ ᠪᠠᠨ ᠰᠣᠯᠢᠯᠴᠠᠵᠤ ᠬᠠᠮᠳᠣ ᠳᠤ ᠪᠠᠨ ᠭᠥᠷᠳᠡᠬᠦ ᠶᠢ ᠪᠡᠶᠡᠯᠡᠭᠦᠯᠬᠦ ᠶᠢᠨ ᠵᠡᠷᠭᠡ ᠳᠤ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠵᠠᠩᠭᠢᠯᠠᠭ᠎ᠠ ᠶᠢ ᠵᠢᠭᠠᠵᠤ ᠪᠣᠶ᠃      ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠭᠡᠳᠡᠭ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠠᠪᠤᠴᠠ ᠳᠤ ᠪᠣᠶ ᠪᠣᠯᠤᠭᠰᠠᠨ ᠪᠤᠶᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠠᠵᠢᠯ ᠶᠠᠪᠤᠳᠠᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠪᠠ ᠦᠢᠯᠡᠴᠢᠯᠡᠭᠡᠨ ᠤ ᠶᠠᠪᠤᠴᠠ ᠳᠤ ᠪᠣᠶ ᠪᠣᠯᠤᠭᠰᠠᠨ ᠪᠤᠶᠤ ᠣᠯᠤᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠤ ᠢᠲᠡᠭᠡᠮᠵᠢ ᠶᠢᠨ ᠪᠠᠶᠢᠳᠠᠯ ᠢ ᠲᠤᠰᠬᠠᠵᠤ ᠳᠡᠶᠢᠯᠬᠦ ᠲᠤᠭ᠎ᠠ ᠪᠠᠷᠢᠮᠲᠠ ᠪᠠ ᠮᠠᠲ᠋ᠧᠷᠢᠶᠠᠯ ᠢ ᠵᠢᠭᠠᠵᠤ ᠪᠣᠶ᠃      ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠭᠡᠳᠡᠭ ᠨᠢ ᠵᠠᠰᠠᠭ ᠤᠨ ᠣᠷᠳᠣᠨ ᠠᠴᠠ ᠠᠬᠢᠭᠤᠯᠤᠨ ᠪᠠᠶᠢᠭᠤᠯᠤᠭᠰᠠᠨ ᠪᠤᠶᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠭᠲᠠᠭᠠᠭᠰᠠᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠭᠥᠷᠳᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶ᠎ᠠ ᠪᠥᠬᠦᠶ ᠵᠠᠬ᠎ᠠ ᠳᠡᠯᠭᠡᠭᠦᠷ ᠤᠨ ᠭᠤᠤᠯ ᠴᠣᠭᠴᠠ᠂ ᠨᠡᠶᠢᠭᠡᠮ ᠤᠨ ᠣᠯᠠᠨ ᠨᠡᠶᠢᠲᠡ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠵᠡᠷᠭᠡ ᠳᠤ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠨᠢᠭᠡᠴᠢ ᠶᠢ ᠵᠢᠭᠠᠵᠤ ᠪᠣᠶ᠃ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠥᠪ ᠪᠣᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠭᠤᠤᠯ ᠪᠣᠯᠬᠤ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠪᠠᠶᠢᠵᠤ᠂ ᠲᠣᠰ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠢᠶᠠᠨ ᠪᠠᠶᠢᠭᠤᠯᠤᠯᠲᠠ᠂ ᠬᠠᠮᠢᠶᠠᠷᠤᠯᠲᠠ ᠵᠢᠴᠢ ᠠᠵᠢᠯᠯᠠᠭᠤᠯᠤᠨ ᠬᠠᠮᠠᠭᠠᠯᠠᠯᠲᠠ ᠬᠢᠬᠦ ᠶᠢ ᠬᠠᠷᠢᠭᠤᠴᠠᠨ᠎ᠠ᠃      ᠭᠤᠷᠪᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠨᠢ ᠬᠠᠤᠯᠢ ᠶᠣᠰᠣᠭᠠᠷ ᠬᠡᠷᠡᠭᠵᠢᠭᠦᠯᠬᠦ᠂ ᠢᠯᠡ ᠲᠣᠳᠣ ᠪᠠᠶᠢᠯᠭᠠᠬᠤ᠂ ᠬᠠᠷᠢᠯᠴᠠᠨ ᠮᠡᠳᠡᠷᠡᠵᠦ ᠬᠠᠮᠲᠤ ᠳᠤ ᠪᠠᠨ ᠭᠥᠷᠳᠡᠬᠦ ᠵᠠᠷᠴᠢᠮ ᠢ ᠵᠢᠷᠤᠮᠯᠠᠬᠤ ᠬᠡᠷᠡᠭᠲᠡᠶ᠃      ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠨᠢ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠵᠢᠯᠣᠭᠤᠳᠬᠤ ᠶᠢ ᠬᠠᠷᠢᠭᠤᠴᠠᠬᠤ ᠬᠡᠷᠡᠭᠲᠡᠶ᠃      ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠠᠵᠢᠯ ᠲᠥᠷᠥᠯ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠳᠤ ᠬᠢᠨᠠᠯᠲᠠ ᠲᠠᠯᠪᠢᠬᠤ᠂ ᠬᠠᠮᠢᠶᠠᠷᠤᠯᠲᠠ ᠬᠢᠬᠦ ᠠᠵᠢᠯ ᠢ ᠬᠠᠷᠢᠭᠤᠴᠠᠬᠤ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠡᠭᠦᠨ ᠤ ᠬᠠᠷᠢᠶ᠎ᠠ ᠪᠥᠬᠦᠶ ᠢᠲᠡᠭᠡᠮᠵᠢ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠦᠢᠯᠡᠴᠢᠯᠡᠭᠡᠨ ᠤ ᠪᠠᠶᠢᠭᠤᠯᠤᠮᠵᠢ ᠨᠢ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠠᠢ ᠬᠠᠮᠲᠤᠷᠠᠯᠴᠠᠨ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠲᠣᠨᠨᠳᠠᠯᠴᠠᠭ᠎ᠠ ᠶᠢ ᠨᠢᠭᠡᠳᠦᠯᠲᠡᠶ ᠲᠥᠯᠥᠪᠵᠢᠭᠦᠯᠦᠨ ᠪᠠᠶᠢᠭᠤᠯᠬᠤ ᠪᠠ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠬᠤ᠂ ᠬᠠᠮᠢᠶᠠᠷᠬᠤ ᠪᠠ ᠬᠠᠮᠠᠭᠠᠯᠠᠬᠤ ᠠᠵᠢᠯ ᠵᠢᠴᠢ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠤᠷᠢᠶᠠᠩᠭᠤᠶᠢᠯᠠᠨ ᠨᠡᠶᠢᠲᠡᠯᠡᠬᠦ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ ᠬᠠᠷᠢᠯᠴᠠᠨ ᠬᠠᠮᠲᠤ ᠳᠤ ᠪᠠᠨ ᠭᠥᠷᠳᠡᠬᠦ ᠪᠠ ᠬᠥᠳᠡᠯᠦᠩᠭᠦᠶ ᠪᠠᠷ ᠰᠢᠨᠡᠳᠬᠡᠬᠦ ᠶᠢ ᠪᠡᠶᠡᠯᠡᠭᠦᠯᠬᠦ ᠬᠡᠷᠡᠭᠲᠡᠶ᠃      ᠡᠯ᠎ᠡ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯᠯᠠᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠬᠢᠨᠠᠨ ᠰᠢᠨᠵᠢᠵᠦ᠂ ᠭᠡᠷᠡᠴᠢ ᠪᠠᠷᠢᠮᠲᠠ ᠶᠢᠨ ᠮᠠᠲ᠋ᠧᠷᠢᠶᠠᠯ ᠢᠶᠠᠨ ᠲᠣᠬᠢᠲᠠᠶ ᠰᠠᠶᠢᠲᠤᠷ ᠦᠯᠡᠳᠡᠭᠡᠨ᠂ ᠢᠲᠡᠭᠡᠮᠵᠢ ᠶᠢᠨ ᠮᠡᠳᠡᠭᠡ ᠵᠠᠩᠭᠢ ᠶᠢ ᠰᠢᠩᠬᠡᠬᠡᠨ ᠲᠡᠮᠳᠡᠭᠯᠡᠬᠦ᠂ ᠴᠤᠭᠯᠠᠭᠤᠯᠤᠨ ᠨᠡᠶᠢᠯᠡᠭᠦᠯᠬᠦ᠂ ᠢᠯᠡ ᠪᠣᠯᠭᠠᠬᠤ᠂ ᠬᠠᠮᠳᠣ ᠳᠤ ᠪᠠᠨ ᠭᠦᠷᠲᠡᠭᠦ ᠪᠠ ᠬᠡᠷᠡᠭᠯᠡᠬᠦ ᠠᠵᠢᠯ ᠢ ᠰᠠᠶᠢᠲᠤᠷ ᠬᠢᠵᠦ᠂ ᠲᠤᠰ ᠱᠠᠲᠤᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠳᠣ ᠳᠤ ᠪᠠᠨ ᠭᠦᠷᠲᠡᠬᠦ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ ᠮᠡᠳᠡᠭᠡ ᠵᠠᠩᠭᠢ ᠶᠢᠨ ᠬᠥᠮᠥᠷᠭᠡ ᠶᠢᠨ ᠳ᠋ᠠᠢᠲ᠋ᠠ ᠯᠤᠭ᠎ᠠ ᠰᠣᠯᠢᠯᠴᠠᠨ ᠵᠠᠯᠭᠠᠯᠳᠤᠭᠤᠯᠬᠤ ᠶᠢ ᠪᠡᠶᠡᠯᠡᠭᠦᠯᠬᠦ ᠬᠡᠷᠡᠭᠲᠡᠶ᠃      ᠲᠠᠪᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠨᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠪᠠ ᠡᠯ᠎ᠡ ᠠᠶᠢᠮᠠᠭ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠢᠶᠠᠷ ᠪᠦᠷᠢᠯᠳᠦᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠰᠢᠩᠬᠡᠬᠡᠨ ᠲᠡᠮᠳᠡᠭᠯᠡᠬᠦ᠂ ᠴᠤᠭᠯᠠᠭᠤᠯᠤᠨ ᠨᠡᠶᠢᠯᠡᠭᠦᠯᠬᠦ᠂ ᠬᠠᠮᠳᠣ ᠳᠤ ᠪᠠᠨ ᠭᠦᠷᠲᠡᠬᠦ᠂ ᠰᠢᠨᠡᠳᠬᠡᠬᠦ᠂ ᠬᠡᠷᠡᠭᠯᠡᠬᠦ ᠶᠢᠨ ᠠᠴᠢᠶᠠᠯᠠᠪᠤᠷᠢ ᠪᠠ ᠵᠠᠩᠭᠢᠯᠠᠭ᠎ᠠ ᠪᠣᠯᠣᠨ᠎ᠠ᠃      ᠬᠤᠶᠠᠳᠤᠭᠠᠷ ᠪᠦᠯᠦᠭ ᠢᠲᠡᠭᠡᠮᠵᠢ ᠶᠢᠨ ᠮᠡᠳᠡᠭᠡ ᠵᠠᠩᠭᠢ ᠶᠢ ᠰᠢᠩᠬᠡᠬᠡᠨ ᠲᠡᠮᠳᠡᠭᠯᠡᠬᠦ ᠪᠠ ᠴᠤᠭᠯᠠᠭᠤᠯᠤᠨ ᠨᠡᠶᠢᠯᠡᠭᠦᠯᠬᠦ      ᠵᠢᠷᠭᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠳᠤ ᠦᠨᠳᠦᠰᠦᠨ ᠮᠡᠳᠡᠭᠡ ᠵᠠᠩᠭᠢ᠂ ᠠᠮᠠᠯᠠᠯᠲᠠ ᠶᠢᠨ ᠮᠡᠳᠡᠭᠡ ᠵᠠᠩᠭᠢ᠂ ᠱᠠᠩᠨᠠᠯ ᠤᠨ ᠮᠡᠳᠡᠭᠡ ᠵᠠᠩᠭᠢ ᠪᠠ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠪᠠᠭᠲᠠᠨ᠎ᠠ᠃      ᠳᠣᠯᠣᠳᠤᠭᠠᠷ ᠵᠦᠢᠯ ᠦᠨᠳᠦᠰᠦᠨ ᠮᠡᠳᠡᠭᠡ ᠵᠠᠩᠭᠢ ᠭᠡᠳᠡᠭ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠤ ᠦᠨᠳᠦᠰᠦᠨ ᠪᠠᠶᠢᠳᠠᠯ ᠢ ᠢᠯᠭᠠᠨ ᠲᠠᠨᠢᠵᠤ ᠪᠣᠯᠬᠤ᠂ ᠵᠠᠳᠠᠯᠤᠯᠲᠠ ᠬᠢᠬᠦ ᠪᠠ ᠮᠠᠭᠠᠳᠯᠠᠵᠤ ᠪᠣᠯᠬᠤ ᠮᠡᠳᠡᠭᠡ ᠵᠠᠩᠭᠢ ᠶᠢ ᠵᠢᠭᠠᠵᠤ ᠪᠣᠶ᠃ ᠡᠭᠦᠨ ᠳᠤ ᠭᠤᠣᠯᠳᠠᠭᠤ᠄      ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠲᠡᠮᠳᠡᠭᠯᠡᠬᠦ ᠪᠠᠶᠢᠭᠤᠯᠭ᠎ᠠ ᠳᠤ ᠳᠡᠩᠰᠡᠯᠡᠨ ᠲᠡᠮᠳᠡᠭᠯᠡᠬᠦᠯᠦᠭᠰᠡᠨ ᠮᠡᠳᠡᠭᠡ ᠵᠠᠩᠭᠢ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ᠂ ᠬᠢᠷᠢ ᠴᠢᠳᠠᠮᠵᠢ᠂ ᠠᠵᠢᠯ ᠤᠨ ᠠᠮᠵᠢᠯᠲᠠ ᠪᠦᠲᠦᠮᠵᠢ ᠵᠡᠷᠭᠡ ᠮᠡᠳᠡᠭᠡ ᠵᠠᠩᠭᠢ︔      ᠪᠠᠶᠢᠭᠠᠯᠢ ᠬᠥᠮᠦᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠳᠡᠩᠰᠡᠯᠡᠨ ᠲᠡᠮᠳᠡᠭᠯᠡᠬᠦᠯᠦᠭᠰᠡᠨ ᠬᠤᠪᠢ ᠬᠥᠮᠦᠨ ᠤ ᠪᠡᠶ᠎ᠡ ᠭᠠᠷᠤᠯ ᠢ ᠢᠯᠭᠠᠨ ᠲᠠᠨᠢᠬᠤ ᠮᠡᠳᠡᠭᠡ ᠵᠠᠩᠭᠢ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠳᠤ ᠲᠤᠰᠢᠶᠠᠬᠤ ᠴᠢᠬᠤᠯᠠᠲᠠᠶ ᠳᠠᠩᠰᠠᠯᠠᠭᠤᠯᠤᠭᠰᠠᠨ ᠠᠵᠢᠯ ᠡᠷᠭᠢᠯᠡᠭᠰᠡᠳ ᠤᠨ ᠰᠤᠷᠤᠯᠭ᠎ᠠ ᠶᠢᠨ ᠨᠠᠮᠲᠠᠷ᠂ ᠮᠡᠷᠭᠡᠵᠢᠯ ᠤᠨ ᠴᠣᠯᠠ᠂ ᠠᠵᠢᠯ ᠡᠷᠭᠢᠯᠡᠬᠦ ᠬᠢᠷᠢ ᠬᠡᠮ ᠵᠡᠷᠭᠡ ᠮᠡᠳᠡᠭᠡ ᠵᠠᠩᠭᠢ ᠪᠠᠭᠳᠠᠨ᠎ᠠ᠃      ᠨᠠᠢᠮᠠᠳᠤᠭᠠᠷ ᠵᠦᠢᠯ ᠠᠮᠠᠯᠠᠯᠲᠠ ᠶᠢᠨ ᠮᠡᠳᠡᠭᠡ ᠵᠠᠩᠭᠢ ᠭᠡᠳᠡᠭ ᠨᠢ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠣᠷᠣᠯᠴᠠᠬᠤ ᠶᠠᠪᠤᠴᠠ ᠳᠤ ᠵᠢᠷᠤᠮᠵᠢᠭᠰᠠᠨ ᠬᠡᠯᠪᠡᠷᠢ ᠪᠠᠷ ᠨᠡᠶᠢᠭᠡᠮ ᠳᠤ ᠢᠯᠡ ᠪᠠᠷ ᠠᠮᠠᠯᠳᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠵᠢᠭᠠᠵᠤ ᠪᠤᠶ᠃      ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠨᠢ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠣᠷᠣᠯᠴᠠᠬᠤ ᠠᠴᠠ ᠡᠮᠦᠨ᠎ᠡ᠂ ᠵᠢᠷᠤᠮᠵᠢᠭᠰᠠᠨ ᠬᠡᠯᠪᠡᠷᠢ ᠪᠠᠷ ᠨᠡᠶᠢᠭᠡᠮ ᠳᠤ ᠢᠯᠡ ᠪᠠᠷ ᠠᠮᠠᠯᠠᠯᠲᠠ ᠬᠢᠬᠦ ᠬᠡᠷᠡᠭᠲᠡᠢ᠃      ᠠᠮᠠᠯᠠᠯᠲᠠ ᠶᠢᠨ ᠮᠡᠳᠡᠭᠡ ᠵᠠᠩᠭᠢ ᠶᠢ ᠲᠤᠬᠠᠢ ᠶᠢᠨ ᠬᠥᠮᠦᠨ ᠤ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠬᠤ ᠬᠡᠷᠡᠭᠲᠡᠢ᠃      ᠶᠢᠰᠦᠳᠦᠭᠡᠷ ᠵᠦᠢᠯ ᠱᠠᠩᠨᠠᠯ ᠤᠨ ᠮᠡᠳᠡᠭᠡ ᠵᠠᠩᠭᠢ ᠭᠡᠳᠡᠭ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠤ ᠣᠯᠤᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠲᠠᠢ ᠬᠤᠯᠪᠣᠭᠳᠠᠭᠰᠠᠨ᠂ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠵᠦ ᠦᠯᠡᠳᠡᠭᠡᠭᠰᠡᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠴᠦ ᠰᠠᠶᠢᠰᠢᠶᠠᠨ ᠬᠥᠬᠢᠭᠦᠯᠬᠦ ᠲᠥᠷᠥᠯ ᠵᠦᠢᠯ ᠤᠨ ᠱᠠᠩᠨᠠᠯ ᠣᠯᠤᠭᠰᠠᠨ ᠮᠡᠳᠡᠭᠡ ᠵᠠᠩᠭᠢ ᠶᠢ ᠵᠢᠭᠠᠵᠤ ᠪᠣᠶ᠃      ᠠᠷᠪᠠᠳᠤᠭᠠᠷ ᠵᠦᠢᠯ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠭᠡᠳᠡᠭ ᠨᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠪᠠᠶᠢᠭᠤᠯᠤᠮᠵᠢ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠭᠦᠭᠰᠡᠨ ᠪᠤᠶᠤ ᠰᠢᠢᠳᠪᠦᠷᠢᠯᠡᠬᠦ ᠲᠣᠭᠲᠠᠭᠠᠯ ᠭᠠᠷᠭᠠᠭᠰᠠᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠬᠢᠬᠦ ᠶᠠᠪᠤᠴᠠ ᠳᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠪᠣᠯᠵᠣᠨ ᠲᠣᠭᠲᠠᠭᠰᠠᠨ ᠡᠭᠦᠷᠭᠡ ᠪᠠ ᠠᠮᠠᠯᠠᠯᠲᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠥᠬᠡᠶ ᠵᠡᠷᠭᠡ ᠢᠲᠡᠭᠡᠮᠵᠢ ᠠᠯᠳᠠᠭᠰᠠᠨ ᠮᠡᠳᠡᠭᠡ ᠵᠠᠩᠭᠢ ᠶᠢ ᠵᠢᠭᠠᠵᠤ ᠪᠣᠶ᠃      ᠠᠷᠪᠠᠨ ᠨᠢᠭᠡᠳᠦᠭᠡᠷ ᠵᠦᠢᠯ ᠳᠠᠭᠠᠭᠠᠴᠢᠯᠠᠯᠲᠠ ᠵᠠᠷᠯᠠᠭᠴᠢ᠂ ᠬᠤᠳᠠᠯᠳᠤᠨ ᠠᠪᠤᠭᠴᠢ᠂ ᠲᠦᠯᠦᠪᠦᠷᠢᠲᠡᠢ ᠰᠢᠯᠵᠢᠭᠦᠯᠦᠭᠴᠢ᠂ ᠰᠢᠯᠵᠢᠭᠦᠯᠦᠨ ᠥᠭᠭᠦᠭᠴᠢ᠂ ᠨᠠᠶᠢᠳᠠᠭᠴᠢ ᠵᠡᠷᠭᠡ ᠲᠥᠷᠥᠯ ᠵᠦᠢᠯ ᠢ ᠡᠭᠦᠰᠭᠡᠨ ᠪᠠᠶᠢᠭᠤᠯᠤᠭᠴᠢ ᠶᠢᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠳᠤ ᠭᠤᠤᠯᠳᠠᠭᠤ ᠳᠣᠣᠷᠠᠬᠢ ᠠᠵᠢᠯᠯᠠᠭ᠎ᠠ ᠪᠠᠭᠲᠠᠨ᠎ᠠ᠄    ︵ᠨᠢᠭᠡ︶ ᠬᠠᠤᠯᠢ ᠴᠠᠭᠠᠵᠠ ᠶᠢᠨ ᠲᠣᠭᠲᠠᠭᠠᠯ ᠠᠴᠠ ᠵᠥᠷᠢᠴᠡᠵᠦ᠂ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠲᠦᠷᠦᠯ ᠵᠦᠢᠯ ᠪᠠᠶᠢᠲᠠᠯ᠎ᠠ ᠳᠠᠭᠠᠭᠠᠴᠢᠯᠠᠯᠲᠠ ᠵᠠᠷᠯᠠᠬᠤ ᠤᠢᠭᠡᠢ᠂ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠲᠦᠷᠦᠯ ᠵᠦᠢᠯ ᠢ ᠬᠡᠰᠡᠭᠯᠡᠨ ᠰᠠᠯᠭᠠᠭᠰᠠᠨ ᠪᠤᠶᠤ ᠪᠤᠰᠤᠳ ᠶᠠᠮᠠᠷᠪᠠ ᠠᠷᠭ᠎ᠠ ᠮᠠᠶ᠋ᠢᠭ ᠢᠶᠠᠷ ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠭᠰᠠᠨ᠂ ᠳᠠᠭᠠᠭᠠᠴᠢᠯᠠᠯᠲᠠ ᠵᠠᠷᠯᠠᠭᠴᠢ ᠬᠠᠤᠯᠢ ᠶᠣᠰᠣᠭᠠᠷ ᠢᠯᠠ ᠪᠠᠷ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠪᠠᠶᠢᠲᠠᠯ᠎ᠠ ᠬᠠᠷᠢᠨ ᠤᠷᠢᠵᠤ ᠳᠠᠭᠠᠭᠠᠴᠢᠯᠠᠯᠲᠠ ᠵᠠᠷᠯᠠᠭᠰᠠᠨ ᠪᠠᠶᠢᠬᠤ︔      ︵ᠬᠤᠶᠠᠷ︶ ᠳᠠᠭᠠᠭᠠᠴᠢᠯᠠᠯᠲᠠ ᠵᠠᠷᠯᠠᠭᠴᠢ ᠨᠢ ᠳᠠᠭᠠᠭᠠᠴᠢᠯᠠᠯᠲᠠ ᠬᠦᠯᠢᠶᠡᠬᠦ ᠪᠣᠯᠤᠮᠵᠢᠲᠠᠢ ᠬᠥᠮᠦᠨ ᠢ ᠵᠦᠢ ᠵᠤᠬᠢᠰ ᠦᠭᠡᠢ ᠨᠥᠬᠦᠴᠡᠯ ᠢᠶᠠᠷ ᠬᠢᠵᠠᠭᠠᠷᠯᠠᠭᠰᠠᠨ ᠪᠤᠶᠤ ᠭᠠᠳᠠᠭᠤᠷᠴᠢᠯᠠᠭᠰᠠᠨ᠂ ᠳᠠᠭᠠᠭᠠᠴᠢᠯᠠᠯᠲᠠ ᠬᠦᠯᠢᠶᠡᠬᠦ ᠪᠣᠯᠤᠮᠵᠢᠲᠠᠢ ᠬᠥᠮᠦᠨ ᠳᠤ ᠠᠯᠠᠭᠴᠢᠯᠠᠨ ᠬᠠᠨᠳᠤᠬᠤ ᠶᠢ ᠬᠡᠷᠡᠭᠵᠢᠭᠦᠯᠦᠭᠰᠡᠨ᠂ ᠳᠠᠭᠠᠭᠠᠴᠢᠯᠠᠯᠲᠠ ᠬᠦᠯᠢᠶᠡᠭᠴᠢ ᠶᠢ ᠬᠤᠯᠪᠣᠭᠠᠲᠤ ᠴᠣᠭᠴᠠ ᠪᠠᠶᠢᠭᠤᠯᠵᠤ ᠬᠠᠮᠲᠤ ᠪᠠᠷ ᠳᠠᠭᠠᠭᠠᠴᠢᠯᠠᠯᠲᠠ ᠬᠦᠯᠢᠶᠡᠯᠭᠡᠬᠦ ᠪᠠᠷ ᠠᠯᠪᠡᠳᠡᠠ ᠱᠠᠭᠠᠷᠳᠠᠭᠰᠠᠨ ᠪᠤᠶᠤ ᠳᠠᠭᠠᠭᠠᠴᠢᠯᠠᠯᠲᠠ ᠬᠦᠯᠢᠶᠡᠭᠴᠢ ᠶᠢᠨ ᠬᠤᠭᠤᠷᠣᠨᠳᠣᠬᠢ ᠥᠷᠢᠰᠥᠯᠳᠦᠭᠡᠨ ᠢ ᠬᠢᠵᠠᠭᠠᠷᠯᠠᠭᠰᠠᠨ ᠪᠠᠶᠢᠬᠤ︔      ︵ᠭᠤᠷᠪᠠ︶ ᠳᠠᠭᠠᠭᠠᠴᠢᠯᠠᠯᠲᠠ ᠵᠠᠷᠯᠠᠬᠤ ᠪᠢᠴᠢᠭ ᠮᠠᠲᠸᠷᠢᠶᠠᠯ᠂ ᠬᠢᠷᠢ ᠬᠡᠮ ᠢ ᠤᠷᠢᠳᠴᠢᠯᠠᠨ ᠬᠢᠨᠠᠭᠰᠠᠨ ᠪᠢᠴᠢᠭ ᠮᠠᠲᠸᠷᠢᠶᠠᠯ ᠢ ᠬᠤᠳᠠᠯᠳᠤᠬᠤ᠂ ᠲᠣᠳᠣᠷᠬᠠᠶᠢᠯᠠᠬᠤ᠂ ᠵᠠᠰᠠᠪᠤᠷᠢ ᠣᠷᠣᠭᠤᠯᠬᠤ ᠴᠠᠭ ᠬᠤᠭᠤᠴᠠᠭ᠎ᠠ ᠪᠤᠶᠤ ᠬᠢᠷᠢ ᠬᠡᠮ ᠢ ᠤᠷᠢᠳᠴᠢᠯᠠᠨ ᠬᠢᠨᠠᠭᠤᠯᠬᠤ ᠭᠤᠶᠤᠴᠢᠯᠠᠯ ᠤᠨ ᠪᠢᠴᠢᠭ ᠮᠠᠲᠸᠷᠢᠶᠠᠯ᠂ ᠳᠠᠭᠠᠭᠠᠴᠢᠯᠠᠯᠲᠠ ᠬᠦᠯᠢᠶᠡᠬᠦ ᠪᠢᠴᠢᠭ ᠮᠠᠲᠸᠷᠢᠶᠠᠯ ᠢᠶᠠᠨ ᠲᠤᠰᠢᠶᠠᠬᠤ ᠪᠠᠷ ᠲᠣᠭᠲᠠᠭᠠᠭᠰᠠᠨ ᠴᠠᠭ ᠬᠤᠭᠤᠴᠠᠭ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠬᠦ ᠦᠭᠡᠶ ᠪᠠᠶᠢᠬᠤ︔      ︵ᠳᠥᠷᠪᠡ︶ ᠳᠠᠭᠠᠭᠠᠴᠢᠯᠠᠯᠲᠠ ᠵᠠᠷᠯᠠᠭᠴᠢ ᠨᠢ ᠬᠢᠷᠢ ᠬᠡᠮ ᠤᠨ ᠤᠷᠢᠳᠴᠢᠯᠠᠨ ᠬᠢᠨᠠᠯᠲᠠ ᠶᠢ ᠥᠩᠭᠡᠷᠡᠭᠡᠭᠰᠡᠨ ᠦᠭᠡᠢ ᠨᠢᠭᠡᠴᠢ ᠪᠤᠶᠤ ᠬᠤᠪᠢ ᠬᠥᠮᠦᠨ ᠤ ᠳᠠᠭᠠᠭᠠᠴᠢᠯᠠᠯᠲᠠ ᠬᠦᠯᠢᠶᠡᠬᠦ ᠳᠤ ᠣᠷᠤᠯᠴᠠᠬᠤ ᠶᠢ ᠬᠦᠯᠢᠶᠡᠠ ᠠᠪᠤᠭᠰᠠᠨ ᠪᠠᠶᠢᠬᠤ︔      ︵ᠲᠠᠪᠤ︶ ᠳᠠᠭᠠᠭᠠᠴᠢᠯᠠᠯᠲᠠ ᠵᠠᠷᠯᠠᠭᠴᠢ ᠨᠢ ᠲᠡᠪᠴᠢᠪᠡᠰᠦ ᠵᠣᠬᠢᠬᠤ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠬᠦᠯᠢᠶᠡᠨ ᠠᠪᠤᠭᠰᠠᠨ ᠪᠠᠶᠢᠬᠤ︔      ︵ᠵᠢᠷᠭᠤᠭ᠎ᠠ︶ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠭᠴᠢ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠣᠯᠣᠭᠰᠠᠨ ᠳᠠᠭᠠᠭᠠᠴᠢᠯᠠᠯᠲᠠ ᠬᠦᠯᠢᠶᠡᠬᠦ ᠪᠣᠯᠤᠮᠵᠢᠲᠠᠢ ᠬᠥᠮᠦᠨ ᠤ ᠨᠡᠷᠡᠶᠢᠳᠦᠯ᠂ ᠲᠤᠭ᠎ᠠ ᠬᠡᠮᠵᠢᠶ᠎ᠡ ᠪᠤᠶᠤ ᠲᠥᠪ ᠭᠤᠣᠯᠴᠢ ᠦᠷᠢᠰᠦᠯᠳᠦᠭᠡᠨ ᠢ ᠨᠦᠯᠦᠭᠡᠯᠡᠬᠦ ᠪᠣᠯᠣᠯᠴᠠᠭ᠎ᠠ ᠲᠠᠢ ᠳᠠᠭᠠᠭᠠᠴᠢᠯᠠᠯᠲᠠ ᠵᠠᠷᠯᠠᠵᠦ ᠳᠠᠭᠠᠭᠠᠴᠢᠯᠠᠯᠲᠠ ᠬᠦᠯᠢᠶᠡᠬᠦ ᠳᠤ ᠬᠤᠯᠪᠣᠭᠳᠠᠬᠤ ᠪᠤᠰᠤᠳ ᠪᠠᠶᠢᠳᠠᠯ ᠢ ᠪᠤᠰᠤᠳ ᠲᠤ ᠵᠠᠳᠠᠷᠠᠭᠤᠯᠤᠭᠰᠠᠨ᠂ ᠡᠰᠡᠬᠦᠯ᠎ᠡ ᠳᠠᠭᠠᠭᠠᠴᠢᠯᠠᠯᠲᠠ ᠶᠢᠨ ᠲᠦᠰᠦᠭᠡᠯᠡᠵᠦ ᠲᠣᠭᠲᠠᠭᠠᠭᠰᠠᠨ ᠰᠠᠭᠤᠷᠢ ᠦᠨ᠎ᠡ ᠶᠢ ᠵᠠᠳᠠᠷᠠᠭᠤᠯᠤᠭᠰᠠᠨ ᠪᠠᠶᠢᠬᠤ︔      ︵ᠲᠤᠯᠤᠭ᠎ᠠ︶ ᠳᠠᠭᠠᠭᠠᠴᠢᠯᠠᠯᠲᠠ ᠵᠠᠷᠯᠠᠭᠴᠢ ᠬᠢᠭᠡᠳ ᠳᠠᠭᠠᠭᠠᠴᠢᠯᠠᠯᠲᠠ ᠬᠦᠯᠢᠶᠡᠭᠴᠢ ᠰᠦᠯᠪᠡᠭᠡᠯᠳᠦᠵᠦ ᠳᠠᠭᠠᠭᠠᠴᠢᠯᠠᠯᠲᠠ ᠬᠦᠯᠢᠶᠡᠭᠰᠡᠨ ᠪᠠᠶᠢᠬᠤ︔      ︵ᠨᠠᠢᠮᠠ︶ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠭᠴᠢ ᠨᠢ ᠲᠣᠭᠲᠠᠭᠠᠯ ᠶᠣᠰᠣᠭᠠᠷ ᠳᠠᠭᠠᠭᠠᠴᠢᠯᠠᠯᠲᠠ ᠦᠨᠡᠯᠡᠬᠦ ᠺᠣᠮᠢᠰ ᠪᠠᠶᠢᠭᠤᠯᠤᠭᠰᠠᠨ ᠦᠬᠡᠢ ᠪᠤᠶᠤ ᠳᠠᠭᠠᠭᠠᠴᠢᠯᠠᠯᠲᠠ ᠦᠨᠡᠯᠡᠬᠦ ᠺᠣᠮᠢᠰ ᠤᠨ ᠪᠦᠷᠢᠯᠳᠦᠬᠦᠨ ᠢ ᠲᠣᠭᠲᠠᠭᠠᠬᠤ᠂ ᠰᠣᠯᠢᠬᠤ ᠳᠤ ᠪᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠬᠤ︔      ︵ᠶᠢᠰᠦ︶ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠲᠥᠷᠥᠯ ᠵᠦᠢᠯ ᠳᠤ᠂ ᠳᠠᠭᠠᠭᠠᠴᠢᠯᠠᠯᠲᠠ ᠵᠠᠷᠯᠠᠭᠴᠢ ᠨᠢ ᠬᠠᠤᠯᠢ ᠴᠠᠭᠠᠵᠠ ᠶᠢᠨ ᠲᠣᠭᠲᠠᠭᠠᠯ ᠠᠴᠠ ᠵᠥᠷᠢᠴᠡᠵᠦ᠂ ᠳᠠᠭᠠᠭᠠᠴᠢᠯᠠᠯᠲᠠ ᠬᠦᠯᠢᠶᠡᠭᠴᠢ ᠲᠠᠢ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ᠂ ᠳᠠᠭᠠᠭᠠᠴᠢᠯᠠᠯᠲᠠ ᠬᠦᠯᠢᠶᠡᠬᠦ ᠲᠥᠰᠦᠯ ᠵᠡᠷᠭᠡ ᠮᠦᠨ ᠴᠢᠨᠠᠷ ᠤᠨ ᠠᠭᠤᠯᠭ᠎ᠠ ᠶᠢᠨ ᠲᠤᠬᠠᠢ ᠬᠡᠯᠡᠯᠴᠡᠭᠡ ᠬᠢᠭᠰᠡᠨ ᠪᠠᠶᠢᠬᠤ︔      ︵ᠠᠷᠪᠠ︶ ᠳᠠᠭᠠᠭᠠᠴᠢᠯᠠᠯᠲᠠ ᠵᠠᠷᠯᠠᠭᠴᠢ ᠠᠴᠠ ᠳᠠᠭᠠᠭᠠᠴᠢᠯᠠᠯᠲᠠ ᠦᠨᠡᠯᠡᠬᠦ ᠺᠣᠮᠢᠰ ᠤᠨ ᠬᠠᠤᠯᠢ ᠶᠣᠰᠣᠭᠠᠷ ᠲᠠᠨᠢᠯᠴᠠᠭᠤᠯᠤᠭᠰᠠᠨ ᠳᠠᠭᠠᠭᠠᠴᠢᠯᠠᠯᠲᠠ ᠤᠨᠤᠬᠤ ᠪᠠᠷ ᠵᠢᠱᠢᠭᠳᠡᠭᠰᠡᠳ ᠠᠴᠠ ᠭᠠᠳᠠᠭᠤᠷ ᠳᠠᠭᠠᠭᠠᠴᠢᠯᠠᠯᠲᠠ ᠣᠨᠣᠭᠴᠢ ᠶᠢ ᠲᠣᠭᠲᠠᠭᠠᠭᠰᠠᠨ᠂ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠲᠥᠷᠥᠯ ᠵᠦᠢᠯ ᠳᠤ ᠪᠦᠬᠦ ᠳᠠᠭᠠᠭᠠᠴᠢᠯᠠᠯᠲᠠ ᠬᠦᠯᠢᠶᠡᠯᠲᠡ ᠶᠢ ᠳᠠᠭᠠᠭᠠᠴᠢᠯᠠᠯᠲᠠ ᠦᠨᠡᠯᠡᠬᠦ ᠺᠣᠮᠢᠰ ᠠᠴᠠ ᠦᠭᠡᠶᠢᠰᠬᠡᠭᠰᠡᠨ ᠤ ᠲᠡᠷᠠᠭ᠎ᠠ ᠥᠪᠡᠰᠦᠪᠡᠨ ᠳᠠᠭᠠᠭᠠᠴᠢᠯᠠᠯᠲᠠ ᠤᠨᠤᠨᠨᠴᠢ ᠶᠢ ᠲᠣᠭᠲᠠᠭᠠᠭᠰᠠᠨ ᠪᠠᠶᠢᠬᠤ︔      ︵ᠠᠷᠪᠠᠨ ᠨᠢᠭᠡ︶ ᠳᠠᠭᠠᠭᠠᠴᠢᠯᠠᠯᠲᠠ ᠵᠠᠷᠯᠠᠭᠴᠢ ᠬᠢᠭᠡᠳ ᠳᠠᠭᠠᠭᠠᠴᠢᠯᠠᠯᠲᠠ ᠣᠨᠣᠭᠴᠢ ᠨᠢ ᠳᠠᠭᠠᠭᠠᠴᠢᠯᠠᠯᠲᠠ ᠵᠠᠷᠯᠠᠭᠰᠠᠨ ᠪᠢᠴᠢᠭ ᠮᠠᠲ᠋ᠧᠷᠢᠶᠠᠯ ᠪᠠ ᠳᠠᠭᠠᠭᠠᠴᠢᠯᠠᠯᠲᠠ ᠣᠨᠣᠭᠴᠢ ᠶᠢᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠤᠨ ᠶᠣᠰᠣᠭᠠᠷ ᠭᠡᠷ᠎ᠡ ᠲᠣᠭᠲᠠᠭᠠᠭᠰᠠᠨ ᠦᠭᠡᠢ᠂ ᠡᠰᠡᠬᠦᠯ᠎ᠡ ᠳᠠᠭᠠᠭᠠᠴᠢᠯᠠᠯᠲᠠ ᠵᠠᠷᠯᠠᠭᠴᠢ᠂ ᠳᠠᠭᠠᠭᠠᠴᠢᠯᠠᠯᠲᠠ ᠣᠨᠣᠭᠴᠢ ᠨᠢ ᠭᠡᠷ᠎ᠡ ᠶᠢᠨ ᠮᠥᠨ ᠴᠢᠨᠠᠷ ᠤᠨ ᠠᠭᠤᠯᠭ᠎ᠠ ᠠᠴᠠ ᠲᠡᠷᠰᠯᠡᠭᠰᠡᠨ ᠬᠡᠯᠡᠯᠴᠡᠭᠡᠷ ᠲᠣᠭᠲᠠᠭᠠᠭᠰᠠᠨ ᠪᠠᠶᠢᠬᠤ︔      ︵ᠠᠷᠪᠠᠨ ᠬᠤᠶᠠᠷ︶ ᠳᠠᠭᠠᠭᠠᠴᠢᠯᠠᠯᠲᠠ ᠵᠠᠷᠯᠠᠭᠴᠢ ᠨᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠠᠷᠢᠴᠠᠯ ᠠᠴᠠ ᠳᠠᠪᠠᠭᠤᠯᠤᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ᠂ ᠪᠣᠯᠵᠤᠭ᠎ᠠ ᠭᠦᠢᠴᠡᠳᠬᠡᠬᠦ ᠪᠠᠲᠤᠯᠠᠭ᠎ᠠ ᠶᠢᠨ ᠮᠥᠩᠭᠦ ᠬᠤᠷᠢᠶᠠᠭᠰᠠᠨ ᠪᠤᠶᠤ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠵᠢᠴᠢ ᠪᠠᠩᠬᠢ ᠶᠢᠨ ᠠᠳᠠᠯᠢ ᠬᠤᠭᠤᠴᠠᠭᠠᠨ ᠤ ᠬᠠᠳᠠᠭᠠᠯᠠᠮᠵᠢ ᠶᠢᠨ ᠬᠦᠦ ᠮᠥᠩᠭᠦ ᠶᠢ ᠲᠣᠭᠲᠠᠭᠠᠯ ᠶᠣᠰᠣᠭᠠᠷ ᠪᠤᠴᠠᠭᠠᠵᠤ ᠥᠭᠭᠦᠭᠰᠡᠨ ᠦᠭᠡᠶ ᠪᠠᠶᠢᠬᠤ︔      ︵ᠠᠷᠪᠠᠨ ᠭᠤᠷᠪᠠ︶ ᠳᠠᠭᠠᠭᠠᠴᠢᠯᠠᠯᠲᠠ ᠵᠠᠷᠯᠠᠭᠴᠢ ᠨᠢ ᠦᠪᠡᠰᠦᠪᠡᠨ ᠳᠠᠭᠠᠭᠠᠴᠢᠯᠠᠯᠲᠠ ᠵᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠭᠠᠳ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠪᠠ ᠳᠠᠭᠠᠭᠠᠴᠢᠯᠠᠯᠲᠠ ᠵᠠᠷᠯᠠᠬᠤ ᠶᠢ ᠵᠣᠬᠢᠶᠠᠨ ᠪᠠᠶᠢᠭᠤᠯᠬᠤ ᠶᠠᠪᠤᠴᠠ ᠳᠤ ᠬᠦᠨᠳᠦ ᠶᠡᠭᠡ ᠠᠯᠳᠠᠭ᠎ᠠ ᠪᠤᠷᠤᠭᠤ ᠭᠠᠷᠭᠠᠵᠤ᠂ ᠳᠠᠭᠠᠭᠠᠴᠢᠯᠠᠯᠲᠠ ᠵᠠᠷᠯᠠᠬᠤ ᠶᠢ ᠨᠦᠯᠦᠭᠡᠯᠡᠭᠰᠡᠨ ᠪᠠᠶᠢᠬᠤ︔      ︵ᠠᠷᠪᠠᠨ ᠳᠥᠷᠪᠡ︶ ᠬᠤᠳᠠᠯᠳᠤᠨ ᠠᠪᠤᠭᠴᠢ ᠨᠢ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ ᠬᠤᠳᠠᠯᠳᠤᠨ ᠠᠪᠬᠤ ᠴᠢᠬᠤᠯᠠᠳᠠᠢ ᠪᠠᠶᠢᠲᠠᠯ᠎ᠠ ᠳᠤᠷ᠎ᠠ ᠪᠠᠷ ᠪᠤᠰᠤᠳ ᠠᠷᠭ᠎ᠠ ᠮᠠᠶ᠋ᠢᠭ ᠢ ᠬᠡᠷᠡᠭᠯᠡᠵᠦ ᠬᠤᠳᠠᠯᠳᠤᠨ ᠠᠪᠬᠤ᠂ ᠬᠤᠳᠠᠯᠳᠤᠨ ᠠᠪᠬᠤ ᠪᠠᠷᠢᠮᠵᠢᠶ᠎ᠠ ᠪᠠᠨ ᠳᠤᠷ᠎ᠠ ᠪᠠᠷ ᠳᠡᠭᠡᠭᠰᠢᠯᠡᠭᠦᠯᠦᠨ᠂ ᠵᠦᠶ ᠵᠣᠬᠢᠰ ᠦᠭᠡᠶ ᠨᠥᠬᠦᠴᠡᠯ ᠢᠶᠠᠷ ᠬᠠᠩᠭᠠᠯᠭ᠎ᠠ ᠶᠢᠨ ᠬᠤᠳᠠᠯᠳᠤᠭᠠᠴᠢᠨ ᠳᠤ ᠢᠯᠭᠠᠭ᠎ᠠ ᠲᠠᠢ ᠣᠯᠭᠤᠮᠵᠢ ᠪᠤᠶᠤ ᠭᠠᠳᠠᠭᠤᠷᠴᠢᠯᠠᠭᠰᠠᠨ ᠣᠯᠭᠤᠮᠵᠢ ᠬᠦᠷᠲᠡᠭᠡᠵᠦ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠶᠠᠪᠤᠴᠠ ᠳᠤ ᠳᠠᠭᠠᠭᠠᠴᠢᠯᠠᠯᠲᠠ ᠬᠦᠯᠢᠶᠡᠭᠴᠢ ᠯᠦᠭᠡ ᠵᠥᠪᠳᠡᠯᠴᠡᠨ ᠬᠡᠯᠡᠯᠴᠡᠭᠡ ᠬᠢᠵᠦ᠂ ᠳᠠᠭᠠᠭᠠᠴᠢᠯᠠᠯᠲᠠ ᠤᠨᠤᠨᠨᠰᠠᠨ ᠪᠠ ᠠᠷᠠᠯᠵᠢᠶ᠎ᠠ ᠪᠦᠲᠦᠭᠰᠡᠨ ᠮᠡᠳᠡᠭᠳᠡᠯ ᠤᠨ ᠪᠢᠴᠢᠭ ᠢ ᠶᠠᠪᠤᠭᠤᠯᠤᠭᠰᠠᠨ ᠤ ᠳᠠᠷᠠᠭ᠎ᠠ ᠳᠠᠭᠠᠭᠠᠴᠢᠯᠠᠯᠲᠠ ᠤᠨᠤᠨᠨᠰᠠᠨ ᠪᠠ ᠠᠷᠠᠯᠵᠢᠶ᠎ᠠ ᠪᠦᠲᠦᠭᠰᠡᠨ ᠬᠠᠩᠭᠠᠯᠭ᠎ᠠ ᠶᠢᠨ ᠬᠤᠳᠠᠯᠳᠤᠭᠠᠴᠢᠨ ᠯᠤᠭ᠎ᠠ ᠬᠤᠳᠠᠯᠳᠤᠨ ᠠᠪᠬᠤ ᠭᠡᠷ᠎ᠡ ᠲᠣᠨᠨᠳ᠋ᠬᠠᠰᠠᠨ ᠦᠭᠡᠶ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠲᠡᠪᠴᠢᠭᠰᠡᠨ ᠵᠡᠷᠭᠡ ᠪᠠᠶᠢᠳᠠᠯ ᠣᠷᠣᠰᠢᠵᠤ ᠪᠠᠶᠢᠬᠤ︔      ︵ᠠᠷᠪᠠᠨ ᠲᠠᠪᠤ︶ ᠬᠤᠳᠠᠯᠳᠤᠨ ᠠᠪᠤᠭᠴᠢ ᠵᠢᠴᠢ ᠲᠡᠭᠦᠨ ᠤ ᠠᠵᠢᠯᠳᠠᠨ ᠨᠢ ᠬᠠᠩᠭᠠᠯᠭ᠎ᠠ ᠶᠢᠨ ᠬᠤᠳᠠᠯᠳᠤᠭᠠᠴᠢᠨ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠲᠠᠢ ᠬᠤᠤᠪᠢᠯᠳᠤᠨ ᠰᠦᠯᠪᠡᠭᠡᠯᠳᠦᠵᠦ᠂ ᠬᠤᠳᠠᠯᠳᠤᠨ ᠠᠪᠬᠤ ᠶᠠᠪᠤᠴᠠ ᠳᠤ ᠬᠡᠭᠡᠯᠢ ᠬᠠᠭ᠋ᠤᠤᠯᠢ ᠢᠳᠡᠭᠰᠡᠨ ᠪᠤᠶᠤ ᠪᠤᠰᠤᠳ ᠵᠦᠢ ᠪᠤᠰᠤ ᠠᠰᠢᠭ ᠲᠤᠰᠠ ᠣᠯᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠡᠷᠡᠭᠵᠢᠭᠦᠯᠵᠦ ᠪᠠᠶᠢᠭ᠎ᠠ ᠬᠢᠨᠠᠯᠲᠠ ᠪᠠᠶᠢᠴᠠᠭᠠᠯᠲᠠ ᠳᠤ ᠬᠤᠳᠠᠯ ᠬᠠᠭᠤᠷᠮᠠᠭ ᠪᠠᠶᠢᠳᠠᠯ ᠬᠠᠩᠭᠠᠭᠰᠠᠨ᠂ ᠡᠰᠡᠬᠦᠯ᠎ᠡ ᠳᠠᠭᠠᠭᠠᠴᠢᠯᠠᠯᠲᠠ ᠨᠡᠶᠢᠲᠡᠯᠡᠬᠦ ᠠᠴᠠ ᠡᠮᠦᠨ᠎ᠡ ᠳᠠᠭᠠᠭᠠᠴᠢᠯᠠᠯᠲᠠ ᠶᠢᠨ ᠲᠦᠰᠦᠭᠡᠯᠡᠨ ᠲᠣᠭᠲᠠᠭᠠᠭᠰᠠᠨ ᠰᠠᠭᠤᠷᠢ ᠦᠨ᠎ᠡ ᠶᠢ ᠵᠠᠳᠠᠷᠠᠭᠤᠯᠤᠭᠰᠠᠨ ᠵᠡᠷᠭᠡ ᠪᠠᠶᠢᠳᠠᠯ ᠲᠠᠢ ᠪᠠᠶᠢᠬᠤ︔      ︵ᠠᠷᠪᠠᠨ ᠵᠢᠷᠭᠤᠭ᠎ᠠ︶ ᠬᠤᠳᠠᠯᠳᠤᠨ ᠠᠪᠤᠭᠴᠢ ᠨᠢ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠬᠦ ᠴᠢᠬᠤᠯᠠᠳᠠᠢ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠳᠤ ᠨᠠᠶᠢᠳᠠᠵᠤ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠦᠭᠰᠡᠨ ᠦᠭᠡᠢ ᠪᠠᠶᠢᠬᠤ︔      ︵ᠠᠷᠪᠠᠨ ᠳᠤᠯᠤᠭ᠎ᠠ︶ ᠬᠤᠳᠠᠯᠳᠤᠨ ᠠᠪᠤᠭᠴᠢ ᠨᠢ ᠬᠠᠤᠯᠢ ᠴᠠᠭᠠᠵᠠ ᠶᠢᠨ ᠲᠣᠭᠲᠠᠭᠠᠯ ᠠᠴᠠ ᠵᠦᠷᠢᠴᠡᠵᠦ ᠦᠯᠡᠳᠡᠬᠡᠨ ᠬᠠᠳᠠᠭᠠᠯᠠᠬᠤ ᠴᠢᠬᠤᠯᠠᠳᠠᠢ ᠬᠤᠳᠠᠯᠳᠤᠨ ᠠᠪᠤᠯᠲᠠ ᠶᠢᠨ ᠪᠢᠴᠢᠭ ᠮᠠᠲ᠋ᠧᠷᠢᠶᠠᠯ ᠢ ᠨᠢᠭᠤᠨ ᠳᠠᠯᠳᠠᠯᠠᠭᠰᠠᠨ᠂ ᠤᠰᠠᠳᠬᠠᠭᠰᠠᠨ ᠪᠤᠶᠤ ᠬᠤᠳᠠᠯᠳᠤᠨ ᠠᠪᠤᠯᠲᠠ ᠶᠢᠨ ᠪᠢᠴᠢᠭ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠠᠶᠢᠬᠤ︔      ︵ᠠᠷᠪᠠᠨ ᠨᠠᠢᠮᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃      ᠠᠷᠪᠠᠨ ᠬᠤᠶᠠᠳᠤᠭᠠᠷ ᠵᠦᠢᠯ ᠳᠠᠭᠠᠭᠠᠴᠢᠯᠠᠯᠲᠠ ᠵᠠᠷᠯᠠᠬᠤ ᠣᠷᠤᠯᠠᠯ ᠤᠨ ᠪᠠᠶᠢᠭᠤᠯᠤᠮᠵᠢ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠤᠯᠠᠨ ᠭᠦᠢᠴᠡᠳᠭᠡᠬᠦ ᠪᠠᠶᠢᠭᠤᠯᠤᠮᠵᠢ᠂ ᠦᠨ᠎ᠡ ᠬᠠᠶᠠᠵᠤ ᠬᠤᠳᠠᠯᠳᠤᠬᠤ ᠪᠠᠶᠢᠭᠤᠯᠤᠮᠵᠢ᠂ ᠥᠮᠴᠢᠯᠡᠬᠦ ᠡᠷᠬᠡ ᠶᠢᠨ ᠠᠷᠠᠯᠵᠢᠶᠡᠨ ᠤ ᠪᠠᠶᠢᠭᠤᠯᠤᠮᠵᠢ ᠵᠡᠷᠭᠡ ᠵᠠᠭᠤᠴᠢ ᠣᠷᠤᠯᠠᠭᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠳᠤ ᠭᠤᠣᠯᠳᠠᠭᠤ ᠳᠣᠣᠷᠠᠬᠢ ᠠᠵᠢᠯᠯᠠᠭ᠎ᠠ ᠪᠠᠭᠲᠠᠨ᠎ᠠ᠄      ︵ᠨᠢᠭᠡ︶ ᠬᠠᠤᠯᠢ ᠴᠠᠭᠠᠵᠠ ᠶᠢᠨ ᠲᠣᠭᠲᠠᠭᠠᠯ ᠠᠴᠠ ᠵᠥᠷᠢᠴᠡᠵᠦ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠯᠤᠭ᠎ᠠ ᠬᠤᠯᠪᠣᠭᠳᠠᠭᠰᠠᠨ ᠨᠢᠭᠤᠴᠠ ᠶᠢ ᠬᠠᠮᠠᠭᠠᠯᠠᠬᠤ ᠴᠢᠬᠤᠯᠠᠳᠠᠢ ᠪᠠᠶᠢᠳᠠᠯ ᠪᠠ ᠮᠠᠲ᠋ᠧᠷᠢᠶᠠᠯ ᠢ ᠵᠠᠳᠠᠷᠠᠭᠤᠯᠤᠭᠰᠠᠨ᠂ ᠡᠰᠡᠬᠦᠯ᠎ᠡ ᠳᠠᠭᠠᠭᠠᠴᠢᠯᠠᠯᠲᠠ ᠵᠠᠷᠯᠠᠭᠴᠢ᠂ ᠳᠠᠭᠠᠭᠠᠴᠢᠯᠠᠯᠲᠠ ᠬᠦᠯᠢᠶᠡᠭᠴᠢ᠂ ᠬᠠᠩᠭᠠᠯᠭ᠎ᠠ ᠶᠢᠨ ᠬᠤᠳᠠᠯᠳᠤᠭᠠᠴᠢᠨ ᠵᠡᠷᠭᠡ ᠲᠠᠢ ᠰᠦᠯᠪᠡᠭᠡᠯᠳᠦᠵᠦ ᠪᠠᠶᠢᠭᠠᠳ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠦᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠬᠤ︔      ︵ᠬᠤᠶᠠᠷ︶ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ ᠬᠤᠳᠠᠯᠳᠤᠨ ᠠᠪᠬᠤ ᠴᠢᠬᠤᠯᠠᠳᠠᠢ ᠪᠠᠶᠢᠲᠠᠯ᠎ᠠ ᠳᠤᠷ᠎ᠠ ᠪᠠᠷ ᠪᠤᠰᠤᠳ ᠠᠷᠭ᠎ᠠ ᠮᠠᠶ᠋ᠢᠭ ᠬᠡᠷᠡᠭᠯᠡᠵᠦ ᠬᠤᠳᠠᠯᠳᠤᠨ ᠠᠪᠬᠤ᠂ ᠬᠤᠳᠠᠯᠳᠤᠨ ᠠᠪᠬᠤ ᠪᠠᠷᠢᠮᠵᠢᠶ᠎ᠠ ᠪᠠᠨ ᠲᠤᠷ᠎ᠠ ᠪᠠᠷ ᠲᠡᠬᠡᠭᠰᠢᠯᠡᠬᠦᠯᠦᠨ᠂ ᠵᠦᠢ ᠵᠤᠬᠢᠰ ᠦᠭᠡᠢ ᠨᠥᠬᠦᠴᠡᠯ ᠢᠶᠠᠷ ᠬᠠᠩᠭᠠᠯᠭ᠎ᠠ ᠶᠢᠨ ᠬᠤᠳᠠᠯᠳᠤᠭᠠᠴᠢᠨ ᠳᠤ ᠢᠯᠭᠠᠭ᠎ᠠ ᠲᠠᠢ ᠣᠯᠭᠤᠮᠵᠢ ᠪᠤᠶᠤ ᠭᠠᠳᠠᠭᠤᠷᠴᠢᠯᠠᠭᠰᠠᠨ ᠣᠯᠭᠤᠮᠵᠢ ᠬᠦᠷᠲᠡᠭᠡᠵᠦ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠶᠠᠪᠤᠴᠠ ᠳᠤ ᠳᠠᠭᠠᠭᠠᠴᠢᠯᠠᠯᠲᠠ ᠬᠦᠯᠢᠶᠡᠭᠴᠢ ᠲᠠᠢ ᠵᠥᠪᠳᠡᠯᠴᠡᠨ ᠬᠡᠯᠡᠯᠴᠡᠭᠡ ᠬᠢᠭᠰᠡᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠲᠡᠪᠴᠢᠭᠰᠡᠨ ᠵᠡᠷᠭᠡ ᠪᠠᠶᠢᠳᠠᠯ ᠣᠷᠣᠰᠢᠵᠤ ᠪᠠᠶᠢᠬᠤ︔      ︵ᠭᠤᠷᠪᠠ︶ ᠬᠠᠩᠭᠠᠯᠭ᠎ᠠ ᠶᠢᠨ ᠬᠤᠳᠠᠯᠳᠤᠭᠠᠴᠢᠨ ᠪᠤᠶᠤ ᠬᠤᠳᠠᠯᠳᠤᠨ ᠠᠪᠤᠭᠴᠢ ᠲᠠᠢ ᠬᠤᠣᠪᠢᠯᠳᠤᠨ ᠰᠦᠯᠪᠡᠭᠡᠯᠳᠦᠵᠦ᠂ ᠬᠤᠳᠠᠯᠳᠤᠨ ᠠᠪᠬᠤ ᠶᠠᠪᠤᠴᠠ ᠳᠤ ᠬᠡᠭᠡᠯᠢ ᠬᠠᠭ᠋ᠤᠤᠯᠢ ᠢᠳᠡᠭᠰᠡᠨ ᠪᠤᠶᠤ ᠪᠤᠰᠤᠳ ᠵᠦᠢ ᠪᠤᠰᠤ ᠠᠰᠢᠭ ᠲᠤᠰᠠ ᠣᠯᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠡᠷᠡᠭᠵᠢᠭᠦᠯᠵᠦ ᠪᠠᠶᠢᠭ᠎ᠠ ᠬᠢᠨᠠᠯᠲᠠ ᠪᠠᠶᠢᠴᠠᠭᠠᠯᠲᠠ ᠳᠤ ᠬᠤᠳᠠᠯ ᠬᠠᠭᠤᠷᠮᠠᠭ ᠪᠠᠶᠢᠳᠠᠯ ᠬᠠᠩᠭᠠᠭᠰᠠᠨ᠂ ᠡᠰᠡᠬᠦᠯ᠎ᠡ ᠳᠠᠭᠠᠭᠠᠴᠢᠯᠠᠯᠲᠠ ᠨᠡᠶᠢᠲᠡᠯᠡᠬᠦ ᠠᠴᠠ ᠡᠮᠦᠨ᠎ᠡ ᠳᠠᠭᠠᠭᠠᠴᠢᠯᠠᠯᠲᠠ ᠶᠢᠨ ᠲᠦᠰᠦᠭᠡᠯᠡᠨ ᠲᠣᠭᠲᠠᠭᠠᠭᠰᠠᠨ ᠰᠠᠭᠤᠷᠢ ᠦᠨ᠎ᠡ ᠶᠢ ᠵᠠᠳᠠᠷᠠᠭᠤᠯᠤᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ︔      ︵ᠳᠦᠷᠪᠡ︶ ᠬᠠᠤᠯᠢ ᠴᠠᠭᠠᠵᠠ ᠶᠢᠨ ᠲᠣᠭᠲᠠᠭᠠᠯ ᠢ ᠵᠥᠷᠢᠴᠡᠵᠦ᠂ ᠦᠯᠡᠳᠡᠬᠡᠨ ᠬᠠᠳᠠᠭᠠᠯᠠᠬᠤ ᠴᠢᠬᠤᠯᠠᠳᠠᠢ ᠬᠤᠳᠠᠯᠳᠤᠨ ᠠᠪᠤᠯᠲᠠ ᠶᠢᠨ ᠪᠢᠴᠢᠭ ᠮᠠᠲ᠋ᠧᠷᠢᠶᠠᠯ ᠢ ᠨᠢᠭᠤᠨ ᠳᠠᠯᠳᠠᠯᠠᠭᠰᠠᠨ᠂ ᠤᠰᠠᠳᠬᠠᠭᠰᠠᠨ ᠪᠤᠶᠤ ᠬᠤᠳᠠᠯᠳᠤᠨ ᠠᠪᠤᠯᠲᠠ ᠶᠢᠨ ᠪᠢᠴᠢᠭ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠭᠰᠠᠨ ᠪᠠ ᠥᠭᠡᠷᠡᠲᠦᠭᠦᠯᠦᠨ ᠵᠣᠬᠢᠶᠠᠭᠰᠠᠨ ᠪᠠᠶᠢᠬᠤ︔      ︵ᠲᠠᠪᠤ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ ᠮᠡᠳᠡᠭᠡ ᠵᠠᠩᠭᠢ ᠶᠢᠨ ᠬᠥᠮᠥᠷᠭᠡ ᠳᠤ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ ᠪᠠᠶᠢᠬᠤ︔      ︵ᠵᠢᠷᠭᠤᠭ᠎ᠠ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠪᠤᠶᠤ ᠳᠠᠭᠠᠭᠠᠴᠢᠯᠠᠯᠲᠠ ᠵᠠᠷᠯᠠᠬᠤ ᠶᠢ ᠵᠣᠬᠢᠶᠠᠨ ᠪᠠᠶᠢᠭᠤᠯᠬᠤ ᠶᠠᠪᠤᠴᠠ ᠳᠤ ᠬᠦᠨᠳᠦ ᠶᠡᠭᠡ ᠠᠯᠳᠠᠭ᠎ᠠ ᠪᠤᠷᠤᠭᠤ ᠭᠠᠷᠭᠠᠭᠠᠳ ᠳᠠᠭᠠᠭᠠᠴᠢᠯᠠᠯᠲᠠ ᠵᠠᠷᠯᠠᠬᠤ ᠶᠢ ᠨᠥᠯᠥᠭᠡᠯᠡᠭᠰᠡᠨ ᠪᠠᠶᠢᠬᠤ︔      ︵ᠳᠣᠯᠤᠭ᠎ᠠ︶ ᠵᠠᠭᠤᠴᠢ ᠣᠷᠣᠯᠠᠭᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠠᠵᠢᠯ ᠢ ᠡᠭᠦᠷᠭᠡᠯᠡᠬᠦ ᠪᠠᠷ ᠨᠠᠶᠢᠳᠠᠯᠭ᠎ᠠ ᠶᠢᠨ ᠭᠡᠷ᠎ᠡ ᠳᠤ ᠪᠣᠯᠵᠣᠨ ᠲᠣᠭᠲᠠᠭᠰᠠᠨ ᠮᠥᠷᠲᠡᠭᠡᠨ ᠲᠤᠰ ᠠᠷᠭ᠎ᠠ ᠶᠢᠨ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠪᠠᠶᠢᠳᠠᠯ ᠲᠠᠢ ᠪᠠᠶᠢᠬᠤ᠃      ᠠᠷᠪᠠᠨ ᠭᠤᠷᠪᠠᠳᠤᠭᠠᠷ ᠵᠦᠢᠯ ᠳᠠᠭᠠᠭᠠᠴᠢᠯᠠᠯᠲᠠ ᠬᠦᠯᠢᠶᠡᠭᠴᠢ᠂ ᠬᠠᠩᠭᠠᠯᠭ᠎ᠠ ᠶᠢᠨ ᠬᠤᠳᠠᠯᠳᠤᠭᠠᠴᠢᠨ᠂ ᠰᠢᠯᠵᠢᠭᠦᠯᠦᠨ ᠠᠪᠤᠨᠨᠴᠢ᠂ ᠦᠨ᠎ᠡ ᠬᠠᠶᠠᠵᠤ ᠬᠤᠳᠠᠯᠳᠤᠨ ᠠᠪᠤᠭᠴᠢ ᠵᠡᠷᠭᠡ ᠲᠥᠷᠥᠯ ᠵᠦᠢᠯ ᠤᠨ ᠠᠶᠠᠳᠠᠨ ᠳᠠᠭᠠᠬᠤ ᠲᠠᠯ᠎ᠠ ᠶᠢᠨ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠳᠤ ᠭᠤᠣᠯᠳᠠᠭᠤ ᠳᠣᠣᠷᠠᠬᠢ ᠠᠵᠢᠯᠯᠠᠭ᠎ᠠ ᠪᠠᠭᠲᠠᠨ᠎ᠠ᠄      ︵ᠨᠢᠭᠡ︶ ᠳᠠᠭᠠᠭᠠᠴᠢᠯᠠᠯᠲᠠ ᠬᠦᠯᠢᠶᠡᠭᠴᠢ ᠨᠢ ᠬᠠᠷᠢᠯᠴᠠᠨ ᠰᠦᠯᠪᠡᠭᠡᠯᠳᠦᠵᠦ ᠪᠠᠶᠢᠭᠠᠳ ᠳᠠᠭᠠᠭᠠᠴᠢᠯᠠᠯᠲᠠ ᠬᠦᠯᠢᠶᠡᠬᠦ ᠪᠤᠶᠤ ᠳᠠᠭᠠᠭᠠᠴᠢᠯᠠᠯᠲᠠ ᠵᠠᠷᠯᠠᠭᠴᠢ ᠯᠤᠭ᠎ᠠ ᠰᠦᠯᠪᠡᠭᠡᠯᠳᠦᠵᠦ ᠪᠠᠶᠢᠭᠠᠳ ᠳᠠᠭᠠᠭᠠᠴᠢᠯᠠᠯᠲᠠ ᠬᠦᠯᠢᠶᠡᠭᠰᠡᠨ᠂ ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠵᠠᠷᠯᠠᠭᠴᠢ ᠪᠤᠶᠤ ᠳᠠᠭᠠᠭᠠᠴᠢᠯᠠᠯᠲᠠ ᠦᠨᠡᠯᠡᠬᠦ ᠺᠣᠮᠢᠰ ᠤᠨ ᠪᠦᠷᠢᠯᠳᠦᠬᠦᠨ ᠳᠤ ᠬᠡᠭᠡᠯᠢ ᠬᠠᠭ᠋ᠤᠤᠯᠢ ᠲᠦᠯᠬᠢᠬᠦ ᠠᠷᠭ᠎ᠠ ᠪᠠᠷ ᠳᠠᠭᠠᠭᠠᠴᠢᠯᠠᠯᠲᠠ ᠣᠯᠣᠭᠰᠠᠨ︔      ︵ᠬᠤᠶᠠᠷ︶ ᠳᠠᠭᠠᠭᠠᠴᠢᠯᠠᠯᠲᠠ ᠬᠦᠯᠢᠶᠡᠭᠴᠢ ᠨᠢ ᠪᠤᠰᠤᠳ ᠤᠨ ᠨᠡᠷ᠎ᠡ ᠪᠠᠷ ᠳᠠᠭᠠᠭᠠᠴᠢᠯᠠᠯᠲᠠ ᠬᠦᠯᠢᠶᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠠᠶᠢᠭᠠᠳ ᠳᠠᠭᠠᠭᠠᠴᠢᠯᠠᠯᠲᠠ ᠶᠢ ᠮᠡᠬᠡᠯᠡᠵᠦ ᠣᠯᠣᠭᠰᠠᠨ︔      ︵ᠭᠤᠷᠪᠠ︶ ᠳᠠᠭᠠᠭᠠᠴᠢᠯᠠᠯᠲᠠ ᠤᠨᠤᠨᠨᠰᠠᠳ ᠨᠢ ᠳᠠᠭᠠᠭᠠᠴᠢᠯᠠᠯᠲᠠ ᠤᠨᠤᠨᠨᠰᠠᠨ ᠲᠥᠷᠥᠯ ᠵᠦᠢᠯ ᠢᠶᠠᠨ ᠪᠤᠰᠤᠳ ᠲᠤ ᠰᠢᠯᠵᠢᠭᠦᠯᠦᠨ ᠥᠭᠭᠦᠭᠰᠡᠨ᠂ ᠳᠠᠭᠠᠭᠠᠴᠢᠯᠠᠯᠲᠠ ᠤᠨᠤᠨᠨᠰᠠᠨ ᠲᠥᠷᠥᠯ ᠵᠦᠢᠯ ᠢᠶᠠᠨ ᠬᠡᠰᠡᠭᠯᠡᠨ ᠰᠠᠯᠭᠠᠭᠰᠠᠨ ᠤ ᠲᠡᠷᠠᠭ᠎ᠠ ᠲᠤᠰ ᠲᠤᠰ ᠪᠤᠰᠤᠳ ᠲᠤ ᠰᠢᠯᠵᠢᠭᠦᠯᠦᠨ ᠥᠭᠭᠦᠭᠰᠡᠨ᠂ ᠬᠠᠤᠯᠢ ᠴᠠᠭᠠᠵᠠ ᠶᠢᠨ ᠲᠣᠭᠲᠠᠭᠠᠯ ᠢ ᠵᠥᠷᠢᠴᠡᠨ ᠲᠠᠭᠠᠭᠠᠴᠢᠯᠠᠯᠳᠠ ᠤᠨᠤᠨᠨᠰᠠᠨ ᠲᠥᠷᠥᠯ ᠵᠦᠢᠯ ᠤᠨ ᠢᠶᠠᠨ ᠬᠡᠰᠡᠭ ᠭᠤᠣᠯ ᠴᠣᠭᠴᠠ᠂ ᠵᠠᠩᠭᠢᠯᠠᠭ᠎ᠠ ᠶᠢᠨ ᠴᠢᠨᠠᠷᠲᠠᠢ ᠠᠵᠢᠯ ᠢ ᠪᠤᠰᠤᠳ ᠲᠤ ᠬᠤᠪᠢᠶᠠᠨ ᠳᠠᠭᠠᠭᠠᠴᠢᠯᠠᠭᠤᠯᠤᠭᠰᠠᠨ᠂ ᠡᠰᠡᠭᠦᠯ᠎ᠡ ᠬᠤᠪᠢᠶᠠᠨ ᠳᠠᠭᠠᠭᠠᠴᠢᠯᠠᠭᠴᠢ ᠨᠢ ᠲᠠᠬᠢᠨ ᠬᠤᠪᠢᠶᠠᠨ ᠳᠠᠭᠠᠭᠠᠴᠢᠯᠠᠭᠤᠯᠤᠭᠰᠠᠨ︔      ︵ᠳᠥᠷᠪᠡ︶ ᠳᠠᠭᠠᠭᠠᠴᠢᠯᠠᠯᠲᠠ ᠤᠨᠤᠨᠨᠴᠢ ᠬᠢᠭᠡᠳ ᠳᠠᠭᠠᠭᠠᠴᠢᠯᠠᠯᠲᠠ ᠵᠠᠷᠯᠠᠭᠴᠢ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠪᠠ ᠳᠠᠭᠠᠭᠠᠴᠢᠯᠠᠯᠲᠠ ᠤᠨᠤᠨᠨᠴᠢ ᠶᠢᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠤᠨ ᠶᠣᠰᠣᠭᠠᠷ ᠭᠡᠷ᠎ᠡ ᠲᠣᠭᠲᠠᠭᠠᠭᠰᠠᠨ ᠦᠭᠡᠢ᠂ ᠡᠰᠡᠬᠦᠯ᠎ᠡ ᠭᠡᠷ᠎ᠡ ᠶᠢᠨ ᠮᠥᠨ ᠴᠢᠨᠠᠷ ᠤᠨ ᠠᠭᠤᠯᠭ᠎ᠠ ᠠᠴᠠ ᠲᠡᠷᠰᠯᠡᠭᠰᠡᠨ ᠬᠡᠯᠡᠯᠴᠡᠭᠡᠷ ᠲᠣᠭᠲᠠᠭᠠᠭᠰᠠᠨ︔      ︵ᠲᠠᠪᠤ︶ ᠳᠠᠭᠠᠭᠠᠴᠢᠯᠠᠯᠲᠠ ᠤᠨᠤᠨᠨᠴᠢ ᠨᠢ ᠵᠦᠢ ᠶᠣᠰᠣᠨ ᠤ ᠰᠢᠯᠲᠠᠭᠠᠨ ᠦᠭᠡᠢ ᠪᠠᠷ ᠳᠠᠭᠠᠭᠠᠴᠢᠯᠠᠯᠲᠠ ᠵᠠᠷᠯᠠᠭᠴᠢ ᠯᠤᠭ᠎ᠠ ᠭᠡᠷ᠎ᠡ ᠲᠣᠭᠲᠠᠭᠠᠬᠤ ᠦᠭᠡᠢ᠂ ᠭᠡᠷ᠎ᠡ ᠲᠣᠭᠲᠠᠭᠠᠬᠤ ᠳᠤ ᠪᠠᠨ ᠳᠠᠭᠠᠭᠠᠴᠢᠯᠠᠯᠲᠠ ᠵᠠᠷᠯᠠᠭᠴᠢ ᠳᠤ ᠲᠠᠭᠠᠯᠲᠠ ᠨᠥᠬᠦᠴᠡᠯ ᠳᠤᠷᠠᠳᠬᠤ᠂ ᠡᠰᠡᠬᠦᠯ᠎ᠡ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠭᠡᠷ᠎ᠡ ᠭᠦᠢᠴᠡᠳᠬᠡᠬᠦ ᠪᠠᠲᠤᠯᠠᠭ᠎ᠠ ᠶᠢᠨ ᠮᠥᠩᠭᠦ ᠪᠠᠨ ᠲᠤᠰᠢᠶᠠᠬᠤ ᠦᠭᠡᠢ︔      ︵ᠵᠢᠷᠭᠤᠭ᠎ᠠ︶ ᠳᠠᠭᠠᠭᠠᠴᠢᠯᠠᠯᠲᠠ ᠤᠨᠤᠨᠨᠴᠢ ᠨᠢ ᠳᠠᠭᠠᠭᠠᠴᠢᠯᠠᠯᠲᠠ ᠵᠠᠷᠯᠠᠭᠴᠢ ᠯᠤᠭ᠎ᠠ ᠲᠣᠭᠲᠠᠭᠠᠭᠰᠠᠨ ᠭᠡᠷ᠎ᠡ ᠶᠢᠨ ᠶᠣᠰᠣᠭᠠᠷ ᠡᠭᠦᠷᠭᠡ ᠪᠠᠨ ᠭᠦᠢᠴᠡᠳᠬᠡᠭᠰᠡᠨ ᠦᠭᠡᠢ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠬᠤ︔      ︵ᠳᠤᠯᠤᠭ᠎ᠠ︶ ᠬᠠᠩᠭᠠᠯᠭ᠎ᠠ ᠶᠢᠨ ᠬᠤᠳᠠᠯᠳᠤᠭᠠᠴᠢᠨ ᠨᠢ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠪᠠᠶᠢᠭᠠᠳ ᠳᠠᠭᠠᠭᠠᠴᠢᠯᠠᠯᠲᠠ ᠣᠯᠣᠭᠰᠠᠨ ᠪᠠ ᠠᠷᠠᠯᠵᠢᠭᠰᠠᠨ᠂ ᠵᠦᠢ ᠪᠤᠰᠤ ᠠᠷᠭ᠎ᠠ ᠪᠠᠷᠢᠯ ᠢᠶᠠᠷ ᠪᠤᠰᠤᠳ ᠬᠠᠩᠭᠠᠯᠭ᠎ᠠ ᠶᠢᠨ ᠬᠤᠳᠠᠯᠳᠤᠭᠠᠴᠢᠨ ᠢ ᠭᠦᠳᠬᠡᠨ ᠭᠠᠳᠠᠭᠤᠷᠴᠢᠯᠠᠵᠤ᠂ ᠬᠤᠳᠠᠯᠳᠤᠨ ᠠᠪᠤᠭᠴᠢ᠂ ᠪᠤᠰᠤᠳ ᠬᠠᠩᠭᠠᠯᠭ᠎ᠠ ᠶᠢᠨ ᠬᠤᠳᠠᠯᠳᠤᠭᠠᠴᠢᠨ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠲᠠᠢ ᠬᠤᠣᠪᠢᠯᠳᠤᠨ ᠰᠦᠯᠪᠡᠭᠡᠯᠳᠦᠵᠦ᠂ ᠬᠤᠳᠠᠯᠳᠤᠨ ᠠᠪᠤᠭᠴᠢ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠬᠡᠭᠡᠯᠢ ᠬᠠᠭ᠋ᠤᠤᠯᠢ ᠲᠦᠯᠬᠢᠭᠰᠡᠨ ᠪᠤᠶᠤ ᠪᠤᠰᠤᠳ ᠵᠦᠢ ᠪᠤᠰᠤ ᠠᠰᠢᠭ ᠲᠤᠰᠠ ᠬᠠᠩᠭᠠᠭᠰᠠᠨ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠶᠠᠪᠤᠴᠠ ᠳᠤ ᠬᠤᠳᠠᠯᠳᠤᠨ ᠠᠪᠤᠭᠴᠢ ᠲᠠᠢ ᠵᠥᠪᠳᠡᠯᠴᠡᠨ ᠬᠡᠯᠡᠯᠴᠡᠭᠡ ᠬᠢᠭᠰᠡᠨ᠂ ᠡᠰᠡᠬᠦᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠲᠡᠪᠴᠢᠭᠰᠡᠨ ᠪᠤᠶᠤ ᠬᠤᠳᠠᠯ ᠬᠠᠭᠤᠷᠮᠠᠭ ᠪᠠᠶᠢᠳᠠᠯ ᠬᠠᠩᠭᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ︔      ︵ᠨᠠᠢᠮᠠ︶ ᠸᠠᠺᠼᠢᠨ ᠦᠢᠯᠡᠳᠪᠦᠷᠢᠯᠡᠬᠦ ᠠᠵᠤ ᠠᠬᠤᠶᠢᠯᠠᠯ ᠨᠢ ᠬᠤᠰᠢᠭᠤ ᠰᠢᠶᠠᠨ ᠤ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠠᠴᠠ ᠪᠤᠰᠤᠳ ᠨᠢᠭᠡᠴᠢ ᠪᠤᠶᠤ ᠬᠤᠪᠢ ᠬᠥᠮᠦᠨ ᠳᠤ ᠬᠤᠶᠠᠳᠤᠭᠠᠷ ᠲᠥᠷᠥᠯ ᠤᠨ ᠸᠠᠺᠼᠢᠨ ᠢ ᠬᠤᠳᠠᠯᠳᠤᠵᠤ ᠥᠭᠭᠦᠭᠰᠡᠨ︔      ︵ᠶᠢᠰᠦ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ ᠮᠡᠳᠡᠭᠡ ᠵᠠᠩᠭᠢ ᠶᠢᠨ ᠬᠥᠮᠥᠷᠭᠡ ᠳᠤ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ︔      ︵ᠠᠷᠪᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃      ᠠᠷᠪᠠᠨ ᠳᠥᠷᠪᠡᠳᠦᠭᠡᠷ ᠵᠦᠢᠯ ᠳᠠᠭᠠᠭᠠᠴᠢᠯᠠᠯᠲᠠ ᠦᠨᠡᠯᠡᠨ ᠬᠢᠨᠠᠬᠤ ᠺᠣᠮᠢᠰ ᠤᠨ ᠪᠦᠷᠢᠯᠳᠦᠬᠦᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠳᠤ ᠭᠤᠤᠯᠳᠠᠭᠤ ᠳᠣᠣᠷᠠᠬᠢ ᠠᠵᠢᠯᠯᠠᠭ᠎ᠠ ᠪᠠᠭᠲᠠᠨ᠎ᠠ᠄      ︵ᠨᠢᠭᠡ︶ ᠵᠠᠶᠢᠯᠠᠭᠤᠯᠬᠤ ᠲᠦᠷᠢᠮ ᠢ ᠵᠥᠷᠢᠴᠡᠭᠡᠳ ᠵᠠᠶᠢᠯᠠᠬᠤ ᠴᠢᠬᠤᠯᠠᠳᠠᠢ ᠪᠠᠶᠢᠲᠠᠯ᠎ᠠ ᠵᠠᠶᠢᠯᠠᠭᠰᠠᠨ ᠦᠭᠡᠢ︔      ︵ᠬᠤᠶᠠᠷ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ ᠮᠡᠳᠡᠭᠡ ᠵᠠᠩᠭᠢ ᠶᠢᠨ ᠬᠥᠮᠥᠷᠭᠡ ᠳᠤ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ︔      ︵ᠭᠤᠷᠪᠠ︶ ᠳᠠᠭᠠᠭᠠᠴᠢᠯᠠᠯᠲᠠ ᠦᠨᠡᠯᠡᠬᠦ ᠳᠤ ᠣᠷᠣᠯᠴᠠᠬᠤ ᠪᠠᠷ ᠲᠣᠨᠨᠳ᠋ᠬᠠᠰᠠᠨ ᠪᠣᠯᠪᠠᠴᠤ ᠠᠬᠤᠢ ᠲᠠᠯᠠᠪᠠᠢ ᠳᠤ ᠭᠦᠷᠦᠭᠰᠡᠨ ᠦᠭᠡᠶ ᠮᠥᠷᠲᠡᠭᠡᠨ ᠴᠢᠯᠥᠭᠡ ᠠᠪᠤᠭᠰᠠᠨ ᠦᠭᠡᠶ ᠪᠤᠯᠬᠤᠷ ᠳᠠᠭᠠᠭᠠᠴᠢᠯᠠᠯᠲᠠ ᠦᠨᠡᠯᠡᠨ ᠬᠢᠨᠠᠬᠤ ᠠᠵᠢᠯ ᠤᠨ ᠬᠡᠪ ᠤᠨ ᠶᠣᠰᠣᠭᠠᠷ ᠶᠠᠪᠤᠭᠳᠠᠬᠤ ᠶᠢ ᠨᠥᠯᠥᠭᠡᠯᠡᠭᠰᠡᠨ︔      ︵ᠳᠥᠷᠪᠡ︶ ᠳᠠᠭᠠᠭᠠᠴᠢᠯᠠᠯᠲᠠ ᠦᠨᠡᠯᠡᠨ ᠬᠢᠨᠠᠬᠤ ᠬᠤᠭᠤᠴᠠᠭᠠᠨ ᠳᠤ ᠳᠤᠷ᠎ᠠ ᠪᠠᠷ ᠢᠶᠠᠨ ᠲᠤᠰᠢᠶᠠᠯ ᠤᠨ ᠪᠠᠶᠢᠷᠢ ᠠᠴᠠ ᠪᠠᠨ ᠰᠠᠯᠤᠭᠰᠠᠨ ᠪᠤᠶᠤ ᠳᠠᠭᠠᠭᠠᠴᠢᠯᠠᠯᠲᠠ ᠦᠨᠡᠯᠡᠨ ᠬᠢᠨᠠᠬᠤ ᠠᠬᠤᠢ ᠲᠠᠯᠠᠪᠠᠶ ᠶᠢᠨ ᠬᠠᠮᠢᠶᠠᠷᠤᠯᠲᠠ ᠶᠢ ᠳᠠᠭᠠᠬᠤ ᠦᠭᠡᠶ ᠪᠠᠶᠢᠬᠤ︔      ︵ᠲᠠᠪᠤ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠪᠤᠶᠤ ᠬᠤᠳᠠᠯᠳᠤᠨ ᠠᠪᠤᠯᠲᠠ ᠶᠢᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠳᠠᠭᠠᠭᠠᠴᠢᠯᠠᠯᠲᠠ ᠦᠨᠡᠯᠡᠨ ᠬᠢᠨᠠᠬᠤ ᠳᠡᠰ ᠳᠠᠷᠠᠭᠠᠯᠠᠯ᠂ ᠪᠠᠷᠢᠮᠵᠢᠶ᠎ᠠ ᠪᠠ ᠠᠷᠭ᠎ᠠ ᠶᠢᠨ ᠶᠣᠰᠣᠭᠠᠷ ᠪᠡᠶ᠎ᠡ ᠪᠠᠨ ᠳᠠᠭᠠᠭᠠᠵᠤ ᠳᠠᠭᠠᠭᠠᠴᠢᠯᠠᠯᠲᠠ ᠦᠨᠡᠯᠡᠵᠦ ᠬᠢᠨ᠋ᠬᠠᠰᠠᠨ ᠦᠭᠡᠢ︔      ︵ᠵᠢᠷᠭᠤᠭ᠎ᠠ︶ ᠳᠠᠭᠠᠭᠠᠴᠢᠯᠠᠯᠲᠠ ᠬᠦᠯᠢᠶᠡᠭᠴᠢ ᠲᠠᠢ ᠳᠠᠯᠳᠠᠭᠤᠷ ᠣᠶᠢᠷᠠᠲᠤᠭᠰᠠᠨ︔      ︵ᠳᠣᠯᠤᠭ᠎ᠠ︶ ᠲᠥᠷᠥᠯ ᠵᠦᠢᠯ ᠡᠭᠦᠰᠭᠡᠨ ᠪᠠᠶᠢᠭᠤᠯᠤᠭᠴᠢ᠂ ᠵᠠᠭᠤᠴᠢ ᠣᠷᠣᠯᠠᠭᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ ᠠᠴᠠ ᠳᠠᠭᠠᠭᠠᠴᠢᠯᠠᠯᠲᠠ ᠤᠨᠤᠨᠨᠴᠢ ᠶᠢ ᠲᠣᠭᠲᠠᠭᠠᠬᠤ ᠰᠠᠨᠠᠮᠵᠢ ᠬᠤᠷᠢᠶᠠᠨ ᠯᠠᠪᠯᠠᠵᠦ᠂ ᠶᠠᠮᠠᠷᠪᠠ ᠨᠢᠭᠡᠨ ᠨᠢᠭᠡᠴᠢ ᠪᠠ ᠬᠤᠪᠢ ᠬᠥᠮᠦᠨ ᠤ ᠳᠤᠷᠠᠳᠤᠨ ᠭᠠᠷᠭᠠᠭᠰᠠᠨ ᠣᠨᠴᠠᠭᠠᠢ ᠲᠣᠭᠲᠠᠭᠠᠭᠰᠠᠨ ᠳᠠᠭᠠᠭᠠᠴᠢᠯᠠᠯᠲᠠ ᠬᠦᠯᠢᠶᠡᠭᠴᠢ ᠲᠡᠶᠢᠰᠢ ᠬᠡᠯᠪᠡᠶᠢᠬᠦ ᠪᠣᠶᠤ ᠭᠠᠳᠠᠭᠤᠷᠴᠢᠯᠠᠬᠤ ᠱᠠᠭᠠᠷᠳᠠᠯᠭ᠎ᠠ ᠶᠢ ᠬᠦᠯᠢᠶᠡᠭᠰᠡᠨ︔      ︵ᠨᠠᠢᠮᠠ︶ ᠬᠠᠤᠯᠢ ᠶᠣᠰᠣᠭᠠᠷ ᠦᠭᠡᠶᠢᠰᠬᠡᠪᠡᠰᠦ ᠵᠣᠬᠢᠬᠤ ᠳᠠᠭᠠᠭᠠᠴᠢᠯᠠᠯᠲᠠ ᠬᠦᠯᠢᠶᠡᠬᠦ ᠶᠠᠪᠤᠳᠠᠯ ᠳᠤ ᠦᠭᠡᠶᠢᠰᠬᠡᠬᠦ ᠰᠠᠨᠠᠯ ᠲᠤᠷᠠᠳᠤᠨᠨᠰᠠᠨ ᠦᠭᠡᠶ︔      ︵ᠶᠢᠰᠦ︶ ᠳᠠᠭᠠᠭᠠᠴᠢᠯᠠᠯᠲᠠ ᠬᠦᠯᠢᠶᠡᠭᠴᠢ ᠶᠢ ᠳᠠᠯᠳᠠᠭᠤᠷ ᠲᠤᠬᠢᠬᠤ ᠪᠤᠶᠤ ᠥᠳᠥᠭᠡᠵᠦ ᠪᠠᠶᠢᠭᠠᠳ ᠲᠣᠳᠣᠯᠠᠨ ᠲᠣᠳᠤᠷᠬᠠᠶᠢᠯᠠᠭᠤᠯᠬᠤ᠂ ᠲᠣᠳᠣᠷᠬᠠᠶᠢᠯᠠᠯᠲᠠ ᠬᠢᠯᠭᠡᠬᠦ ᠪᠤᠶᠤ ᠳᠠᠭᠠᠭᠠᠴᠢᠯᠠᠯᠲᠠ ᠬᠦᠯᠢᠶᠡᠭᠴᠢ ᠶᠢᠨ ᠰᠠᠨᠠᠭᠠᠴᠢᠯᠠᠭ᠎ᠠ ᠠᠴᠠ ᠪᠠᠨ ᠳᠤᠷᠠᠳᠤᠭᠰᠠᠨ ᠲᠣᠳᠣᠯᠠᠨ ᠲᠣᠳᠤᠷᠬᠠᠶᠢᠯᠠᠯᠲᠠ ᠪᠠ ᠲᠣᠳᠣᠷᠬᠠᠶᠢᠯᠠᠯᠲᠠ ᠶᠢ ᠬᠦᠯᠢᠶᠡᠠ ᠠᠪᠤᠭᠰᠠᠨ︔      ︵ᠠᠷᠪᠠ︶ ᠵᠦᠢ ᠶᠣᠰᠣᠨ ᠤ ᠰᠢᠯᠲᠠᠭᠠᠨ ᠦᠭᠡᠢ ᠪᠠᠷ ᠳᠠᠭᠠᠭᠠᠴᠢᠯᠠᠯᠲᠠ ᠦᠨᠡᠯᠡᠬᠦ ᠮᠡᠳᠡᠭᠦᠯᠦᠯᠲᠡ ᠳᠡᠭᠡᠷ᠎ᠡ ᠭᠠᠷ ᠤᠨ ᠦᠰᠦᠭ ᠵᠢᠷᠤᠬᠤ ᠶᠢ ᠡᠷᠡᠰ ᠲᠡᠪᠴᠢᠭᠰᠡᠨ︔      ︵ᠠᠷᠪᠠᠨ ᠨᠢᠭᠡ︶ ᠳᠠᠭᠠᠭᠠᠴᠢᠯᠠᠯᠲᠠ ᠬᠦᠯᠢᠶᠡᠭᠴᠢ ᠡᠰᠡᠭᠦᠯ᠎ᠡ ᠠᠰᠢᠭ ᠬᠤᠣᠷ ᠤᠨ ᠬᠠᠷᠢᠴᠠᠭ᠎ᠠ ᠲᠠᠢ ᠪᠤᠰᠤᠳ ᠬᠥᠮᠦᠨ ᠤ ᠡᠳ᠋ ᠮᠥᠩᠭᠦ ᠪᠤᠶᠤ ᠪᠤᠰᠤᠳ ᠠᠰᠢᠭ ᠲᠠᠢ ᠵᠦᠢᠯᠡᠰ ᠢ ᠬᠦᠯᠢᠶᠡᠠ ᠠᠪᠤᠭᠰᠠᠨ︔      ︵ᠠᠷᠪᠠᠨ ᠬᠤᠶᠠᠷ︶ ᠳᠠᠭᠠᠭᠠᠴᠢᠯᠠᠯᠲᠠ ᠦᠨᠡᠯᠡᠬᠦ ᠺᠣᠮᠢᠰ ᠤᠨ ᠪᠦᠷᠢᠯᠳᠦᠬᠦᠨ ᠪᠤᠶᠤ ᠳᠠᠭᠠᠭᠠᠴᠢᠯᠠᠯᠲᠠ ᠦᠨᠡᠯᠡᠬᠦ ᠳᠤ ᠣᠷᠣᠯᠴᠠᠭᠰᠠᠨ ᠬᠤᠯᠪᠣᠭᠳᠠᠯ ᠪᠦᠬᠦᠢ ᠠᠵᠢᠯᠳᠡᠠ ᠨᠢ ᠳᠠᠭᠠᠭᠠᠴᠢᠯᠠᠯᠲᠠ ᠵᠠᠷᠯᠬᠠᠰᠠᠨ ᠪᠢᠴᠢᠭ ᠮᠠᠲ᠋ᠧᠷᠢᠶᠠᠯ ᠤᠨ ᠦᠨᠡᠯᠡᠵᠦ ᠬᠢᠨ᠋ᠬᠠᠰᠠᠨ ᠪᠠ ᠠᠳᠠᠯᠢᠳᠬᠠᠭᠰᠠᠨ᠂ ᠳᠠᠭᠠᠭᠠᠴᠢᠯᠠᠯᠲᠠ ᠤᠨᠤᠬᠤ ᠪᠠᠷ ᠵᠢᠱᠢᠭᠳᠡᠭᠰᠡᠳ ᠢ ᠲᠠᠨᠢᠯᠴᠠᠭᠤᠯᠤᠭᠰᠠᠨ ᠵᠢᠴᠢ ᠳᠠᠭᠠᠭᠠᠴᠢᠯᠠᠯᠲᠠ ᠦᠨᠡᠯᠡᠬᠦ ᠳᠤ ᠬᠤᠯᠪᠣᠭᠳᠠᠬᠤ ᠪᠤᠰᠤᠳ ᠪᠠᠶᠢᠳᠠᠯ ᠢ ᠦᠷᠦᠬᠡᠯ ᠪᠤᠰᠤᠳ ᠲᠤ ᠵᠠᠳᠠᠷᠠᠭᠤᠯᠤᠭᠰᠠᠨ︔      ︵ᠠᠷᠪᠠᠨ ᠭᠤᠷᠪᠠ︶ ᠪᠠᠷᠢᠮᠵᠢᠶ᠎ᠠ ᠠᠴᠠ ᠬᠡᠲᠦᠷᠡᠭᠰᠡᠨ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠠᠪᠬᠤ ᠪᠤᠶᠤ ᠪᠤᠰᠤᠳ ᠬᠡᠷᠡᠭᠯᠡᠭᠡᠨ ᠤ ᠱᠠᠭᠠᠷᠳᠠᠯᠭ᠎ᠠ ᠳᠤᠷᠠᠳᠤᠭᠰᠠᠨ︔      ︵ᠠᠷᠪᠠᠨ ᠳᠥᠷᠪᠡ︶ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠰᠡᠵᠢᠭᠯᠡᠨ ᠠᠰᠠᠭᠤᠬᠤ᠂ ᠵᠠᠭᠠᠯᠳᠤᠬᠤ᠂ ᠠᠰᠠᠭᠤᠨ ᠯᠠᠪᠯᠠᠬᠤ᠂ ᠬᠢᠨᠠᠯᠲᠠ ᠲᠠᠯᠪᠢᠬᠤ᠂ ᠪᠠᠶᠢᠴᠠᠭᠠᠯᠲᠠ ᠬᠢᠬᠦ ᠳᠤ ᠲᠣᠰᠠᠯᠠᠬᠤ ᠪᠠ ᠬᠠᠮᠵᠢᠯᠴᠠᠬᠤ ᠶᠢ ᠲᠡᠪᠴᠢᠭᠰᠡᠨ︔      ︵ᠠᠷᠪᠠᠨ ᠲᠠᠪᠤ︶ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠤᠪᠢ ᠠᠴᠠ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠨᠡᠶᠢᠲᠡ ᠳᠤ ᠢᠲᠡᠭᠡᠭᠦᠯᠬᠦ ᠬᠦᠴᠦᠨ ᠢ ᠬᠤᠬᠢᠷᠠᠭᠤᠯᠬᠤ ᠠᠵᠢᠯᠯᠠᠭ᠎ᠠ ᠬᠢᠭᠰᠡᠨ︔      ︵ᠠᠷᠪᠠᠨ ᠵᠢᠷᠭᠤᠭ᠎ᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃      ᠠᠷᠪᠠᠨ ᠲᠠᠪᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠨᠢ ᠠᠩᠬ᠎ᠠ ᠤᠳᠠᠭ᠎ᠠ ᠳᠠᠩᠰᠠᠯᠠᠭᠤᠯᠬᠤ ᠦᠶ᠎ᠡ ᠳᠤ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ ᠮᠡᠳᠡᠭᠡ ᠵᠠᠩᠭᠢ ᠶᠢᠨ ᠬᠥᠮᠥᠷᠭᠡ ᠳᠤ ᠬᠠᠮᠢᠶ᠎ᠠ ᠪᠥᠬᠦᠶ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ᠂ ᠲᠡᠭᠦᠨ ᠤ ᠲᠠᠭᠯᠠᠭᠰᠠᠨ ᠢᠲᠡᠭᠡᠮᠵᠢ ᠶᠢᠨ ᠮᠡᠳᠡᠭᠡ ᠵᠠᠩᠭᠢ ᠳᠤ ᠪᠠᠨ ᠬᠠᠷᠢᠭᠤᠴᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ ᠠᠩᠬ᠎ᠠ ᠤᠳᠠᠭ᠎ᠠ ᠳᠠᠩᠰᠠᠯᠠᠭᠤᠯᠬᠤ ᠶᠢ ᠪᠡᠶᠡᠯᠡᠭᠦᠯᠦᠭᠰᠡᠨ ᠪᠠᠶᠢᠪᠠᠯ᠂ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠦᠶ᠎ᠡ ᠳᠤ ᠴᠠᠭ ᠲᠤᠬᠠᠢ ᠳᠤ ᠨᠢ ᠨᠥᠬᠦᠪᠥᠷᠢᠯᠡᠬᠦ ᠬᠡᠷᠡᠭᠲᠡᠢ᠃      ᠠᠷᠪᠠᠨ ᠵᠢᠷᠭᠤᠳᠤᠭᠠᠷ ᠵᠦᠢᠯ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠡᠯ᠎ᠡ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠨᠢ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ ᠰᠢᠨᠡᠴᠢᠯᠡᠨ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠣᠯ ᠴᠣᠭᠴᠠ ᠶᠢᠨ ᠮᠡᠳᠡᠭᠡ ᠵᠠᠩᠭᠢ ᠶᠢᠨ ᠬᠦᠮᠦᠷᠭᠡ ᠶᠢᠨ ᠲᠤᠭ᠎ᠠ ᠪᠠᠷᠢᠮᠲᠠ ᠯᠤᠭ᠎ᠠ ᠵᠠᠯᠭᠠᠯᠳᠤᠭᠤᠯᠤᠨ ᠰᠣᠯᠢᠯᠴᠠᠬᠤ ᠶᠢ ᠪᠡᠶᠡᠯᠡᠭᠦᠯᠬᠦ ᠬᠡᠷᠡᠭᠲᠡᠢ᠃      ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠨᠢ ᠬᠢᠨᠠᠨ ᠬᠡᠮᠵᠢᠭᠡᠳ ᠣᠯᠤᠭᠰᠠᠨ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠲᠤᠬᠠᠢ ᠶᠢᠨ ᠬᠥᠮᠦᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠰᠦᠪᠡᠭᠴᠢ ᠶᠢ ᠲᠤᠰ ᠲᠥᠷᠥᠯ ᠵᠦᠢᠯ ᠳᠤ ᠬᠢᠨᠠᠯᠲᠠ ᠲᠠᠯᠪᠢᠵᠤ ᠪᠠᠶᠢᠭ᠎ᠠ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠰᠢᠯᠵᠢᠭᠦᠯᠦᠨ ᠬᠦᠷᠭᠡᠵᠦ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠢ ᠳᠤ ᠨᠢ ᠬᠠᠷᠢᠭᠤ ᠲᠤᠰᠬᠠᠬᠤ ᠬᠡᠷᠡᠭᠲᠡᠢ᠃      ᠠᠷᠪᠠᠨ ᠳᠣᠯᠣᠳᠤᠭᠠᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠠᠵᠢᠯ ᠶᠠᠪᠤᠳᠠᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠲᠤᠬᠠᠶ ᠶᠢᠨ ᠬᠥᠮᠦᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠠᠪᠤᠴᠠ ᠳᠤ ᠪᠣᠶ ᠪᠣᠯᠤᠭᠰᠠᠨ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠰᠢᠩᠬᠡᠬᠡᠨ ᠲᠡᠮᠳᠡᠭᠯᠡᠬᠦ ᠶᠢᠨ ᠬᠠᠮᠲᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤ ᠨᠢ ᠠᠳᠠᠯᠢ ᠱᠠᠲᠤᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠲᠡᠪᠰᠢᠬᠦᠯᠦᠨ ᠬᠦᠷᠭᠡᠵᠦ᠂ ᠵᠡᠷᠭᠡ ᠳᠤ ᠨᠢ ᠠᠳᠠᠯᠢ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠬᠠᠭᠤᠯᠤᠨ ᠢᠯᠡᠬᠡᠭᠦ ᠪᠤᠶᠤ ᠬᠠᠮᠲᠤ ᠳᠤ ᠪᠠᠨ ᠭᠥᠷᠳᠡᠬᠦ ᠬᠡᠷᠡᠭᠲᠡᠶ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠠᠴᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠳᠤ ᠵᠡᠷᠭᠡ ᠪᠠᠷ ᠲᠡᠪᠰᠢᠬᠦᠯᠦᠨ ᠬᠦᠷᠭᠡᠬᠦ ᠬᠡᠷᠡᠭᠲᠡᠶ᠃      ᠭᠤᠷᠪᠠᠳᠤᠭᠠᠷ ᠪᠦᠯᠦᠭ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠠᠮᠲᠤ ᠪᠠᠷ ᠬᠦᠷᠲᠡᠬᠦ      ᠠᠷᠪᠠᠨ ᠨᠠᠢᠮᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠤ ᠦᠨᠳᠦᠰᠦᠨ ᠮᠡᠳᠡᠭᠡ ᠵᠠᠩᠭᠢ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ᠂ ᠠᠮᠠᠯᠠᠯᠲᠠ ᠶᠢᠨ ᠮᠡᠳᠡᠭᠡ ᠵᠠᠩᠭᠢ᠂ ᠱᠠᠩᠨᠠᠯ ᠤᠨ ᠮᠡᠳᠡᠭᠡ ᠵᠠᠩᠭᠢ ᠶᠢᠨ ᠨᠡᠷᠡᠶᠢᠳᠦᠯ ᠵᠢᠴᠢ ᠱᠠᠩᠨᠠᠵᠤ ᠨᠤᠲᠠᠯᠠᠭᠰᠠᠨ ᠪᠢᠴᠢᠭ ᠮᠠᠲ᠋ᠧᠷᠢᠶᠠᠯ᠂ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢᠨ ᠨᠡᠷᠡᠶᠢᠳᠦᠯ᠂ ᠰᠢᠢᠳᠪᠦᠷᠢᠯᠡᠬᠦ ᠲᠣᠭᠲᠠᠭᠠᠯ ᠤᠨ ᠪᠢᠴᠢᠭ᠂ ᠰᠢᠢᠳᠪᠦᠷᠢᠯᠡᠬᠦ ᠴᠠᠭ ᠬᠤᠭᠤᠴᠠᠭ᠎ᠠ᠂ ᠵᠠᠯᠬᠠᠭᠠᠨ ᠴᠡᠭᠡᠷᠯᠡᠭᠦᠯᠬᠦ ᠬᠤᠭᠤᠴᠠᠭ᠎ᠠ ᠬᠢᠵᠠᠭᠠᠷ ᠵᠡᠷᠭᠡ ᠶᠢ ᠡᠯ᠎ᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠶ᠃      ᠠᠷᠪᠠ ᠶᠢᠰᠦᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠤᠭᠤᠴᠠᠭ᠎ᠠ ᠬᠢᠵᠠᠭᠠᠷ ᠶᠣᠰᠣᠭᠠᠷ ᠢᠯᠡ ᠪᠣᠯᠭᠠᠬᠤ ᠬᠡᠷᠡᠭᠲᠡᠶ᠃      ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢᠨ ᠲᠠᠯ᠎ᠠ ᠪᠠᠷ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠥᠬᠡᠶ ᠪᠠᠶᠢᠪᠠᠯ᠂ ᠵᠠᠷᠴᠢᠮ ᠳᠡᠭᠡᠷ᠎ᠡ ᠪᠠᠨ ᠢᠯᠡ ᠪᠣᠯᠭᠠᠬᠤ ᠬᠤᠭᠤᠴᠠᠭ᠎ᠠ ᠬᠢᠵᠠᠭᠠᠷ ᠨᠢ ᠲᠠᠪᠤᠨ ᠵᠢᠯ ᠪᠣᠯᠤᠨ᠎ᠠ᠃ ᠢᠯᠡ ᠪᠣᠯᠭᠠᠬᠤ ᠴᠠᠭ ᠬᠤᠭᠤᠴᠠᠭ᠎ᠠ ᠨᠢ ᠭᠦᠢᠴᠡᠭᠰᠡᠨ ᠪᠠᠶᠢᠪᠠᠯ ᠢᠯᠡ ᠪᠣᠯᠭᠠᠬᠤ ᠶᠢ ᠵᠣᠭᠰᠣᠭᠠᠵᠤ᠂ ᠲᠠᠩᠰᠠ ᠡᠪᠬᠡᠮᠡᠯ ᠪᠣᠯᠭᠠᠨ ᠬᠠᠳᠠᠭᠠᠯᠠᠬᠤ ᠬᠡᠷᠡᠭᠲᠡᠶ᠃      ᠬᠤᠷᠢᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠤ ᠳᠤᠲᠤᠷᠠᠬᠢ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠤᠪᠢ ᠬᠥᠮᠦᠨ ᠤ ᠨᠢᠭᠤᠴᠠ᠂ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠢᠯᠡ ᠪᠣᠯᠭᠠᠵᠤ ᠪᠣᠯᠬᠤ ᠥᠬᠡᠶ ᠭᠡᠵᠦ ᠲᠣᠭᠲᠠᠭᠠᠭᠰᠠᠨ ᠮᠡᠳᠡᠭᠡ ᠵᠠᠩᠭᠢ ᠶᠢ ᠢᠯᠡ ᠪᠣᠯᠭᠠᠵᠤ ᠪᠣᠯᠬᠤ ᠥᠬᠡᠶ᠂ ᠭᠤᠶᠤᠴᠢᠯᠠᠬᠤ ᠠᠷᠭ᠎ᠠ ᠮᠠᠶ᠋ᠢᠭ ᠢᠶᠠᠷ ᠳᠠᠮᠵᠢᠨ ᠪᠠᠶᠢᠴᠠᠭᠠᠨ ᠯᠠᠪᠯᠠᠬᠤ ᠬᠡᠷᠡᠭᠲᠡᠶ᠃      ᠬᠤᠷᠢᠨ ᠨᠢᠭᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠨᠢ ᠬᠠᠮᠢᠶ᠎ᠠ ᠪᠥᠬᠦᠶ ᠢᠲᠡᠭᠡᠮᠵᠢ ᠶᠢᠨ ᠮᠡᠳᠡᠭᠡ ᠵᠠᠩᠭᠢ ᠶᠢᠨ ᠢᠷᠡᠯᠲᠡ᠂ ᠲᠡᠮᠳᠡᠭᠯᠡᠬᠦ ᠬᠠᠷᠢᠭᠤᠴᠠᠯᠭ᠎ᠠ ᠶᠢᠨ ᠭᠤᠤᠯ ᠴᠣᠭᠴᠠ ᠪᠠ ᠳᠡᠩᠰᠡᠯᠡᠨ ᠲᠡᠮᠳᠡᠭᠯᠡᠵᠦ ᠰᠡᠯᠭᠦᠬᠦ ᠴᠠᠭ ᠵᠡᠷᠭᠡ ᠠᠭᠤᠯᠭ᠎ᠠ ᠶᠢ ᠢᠯᠡ ᠪᠣᠯᠭᠠᠬᠤ ᠬᠡᠷᠡᠭᠲᠡᠶ᠃ ᠲᠣᠰ ᠠᠷᠭ᠎ᠠ ᠶᠢᠨ ᠲᠣᠭᠲᠠᠭᠠᠯ ᠶᠣᠰᠣᠭᠠᠷ ᠲᠡᠮᠳᠡᠭᠯᠡᠵᠦ᠂ ᠡᠭᠦᠰᠭᠡᠵᠦ᠂ ᠰᠡᠯᠭᠦᠭᠰᠡᠨ ᠦᠭᠡᠢ ᠮᠡᠳᠡᠭᠡ ᠵᠠᠩᠭᠢ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠳᠤ ᠢᠯᠡ ᠪᠣᠯᠭᠠᠬᠤ ᠪᠠ ᠬᠡᠷᠡᠭᠯᠡᠵᠦ ᠪᠣᠯᠬᠤ ᠥᠬᠡᠶ᠃      ᠬᠤᠷᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠠᠴᠠ ᠳᠠᠮᠵᠢᠭᠤᠯᠤᠭᠰᠠᠨ ᠢᠲᠡᠭᠡᠮᠵᠢ ᠶᠢᠨ ᠮᠡᠳᠡᠭᠡ ᠵᠠᠩᠭᠢ ᠵᠢᠴᠢ ᠥᠪᠡᠷᠲᠡᠭᠡᠨ ᠵᠠᠰᠠᠬᠤ ᠣᠷᠣᠨ ᠤ ᠡᠯ᠎ᠡ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠣᠨᠣᠪᠴᠢᠲᠠᠶ ᠪᠠᠷ ᠴᠤᠭᠯᠠᠭᠤᠯᠤᠭᠰᠠᠨ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠭᠥᠯᠢᠶᠡᠨ ᠠᠪᠴᠤ᠂ ᠬᠠᠮᠲᠤ ᠳᠤ ᠨᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠠᠵᠢᠯ ᠲᠥᠷᠥᠯ ᠯᠦᠭᠡ ᠮᠡᠳᠡᠭᠡ ᠵᠠᠩᠭᠢ ᠶᠢ ᠬᠠᠮᠳᠣ ᠳᠤ ᠨᠢ ᠭᠥᠷᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠬᠦ ᠬᠡᠷᠡᠭᠲᠡᠶ᠃     ᠬᠤᠷᠢᠨ ᠭᠤᠷᠪᠠᠳᠤᠭᠠᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠨᠢ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠲᠣᠭᠲᠠᠭᠠᠯ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠪᠥᠬᠦᠶ ᠮᠡᠷᠭᠡᠵᠢᠯ ᠤᠨ ᠠᠷᠭ᠎ᠠ ᠬᠡᠮᠵᠢᠶ᠎ᠡ ᠠᠪᠴᠤ᠂ ᠳ᠋ᠠᠶᠢᠲ᠋ᠠ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠮᠡᠳᠡᠭᠡ ᠵᠠᠩᠭᠢ ᠶᠢᠨ ᠳᠠᠩᠰᠠᠯᠠᠨ ᠲᠡᠮᠳᠡᠭᠯᠡᠬᠦ᠂ ᠪᠠᠶᠢᠴᠠᠭᠠᠨ ᠯᠠᠪᠯᠠᠬᠤ᠂ ᠬᠡᠷᠡᠭᠯᠡᠬᠦ᠂ ᠬᠢᠨᠠᠨ ᠪᠤᠳᠤᠬᠤ᠂ ᠬᠠᠷᠭᠤᠭᠤᠯᠤᠨ ᠰᠢᠯᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ ᠯᠡᠪᠡᠷᠡᠬᠦ ᠠᠴᠠ ᠰᠡᠷᠭᠡᠶᠢᠯᠡᠨ ᠬᠤᠷᠢᠭᠯᠠᠬᠤ ᠬᠡᠷᠡᠭᠲᠡᠢ᠃      ᠳᠥᠷᠪᠡᠳᠦᠭᠡᠷ ᠪᠦᠯᠦᠭ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡ      ᠬᠤᠷᠢᠨ ᠳᠥᠷᠪᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠶᠠᠪᠤᠴᠠ ᠳᠤ᠂ ᠢᠲᠡᠭᠡᠮᠵᠢ ᠶᠢᠨ ᠦᠨᠡᠯᠡᠬᠦ ᠳᠦᠷᠢᠮ ᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠤ ᠢᠲᠡᠭᠡᠮᠵᠢ ᠶᠢᠨ ᠦᠨᠡᠯᠡᠭᠰᠡᠨ ᠦᠷ᠎ᠡ ᠳ᠋ᠦᠩ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠵᠢᠴᠢ ᠲᠤᠬᠠᠶᠢᠯᠠᠭᠰᠠᠨ ᠠᠵᠢᠯ ᠥᠷᠨᠢᠭᠦᠯᠬᠦ ᠶᠢᠨ ᠴᠢᠬᠤᠯᠠ ᠦᠨᠳᠦᠰᠦᠯᠡᠯ ᠪᠣᠯᠭᠠᠵᠤ ᠪᠣᠯᠤᠨ᠎ᠠ᠃      ᠬᠤᠷᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠦᠢᠯᠡᠴᠢᠯᠡᠭᠡᠨ ᠤ ᠪᠠᠶᠢᠭᠤᠯᠤᠮᠵᠢ ᠨᠢ ᠠᠳᠠᠯᠢ ᠪᠤᠰᠤ ᠠᠷᠠᠯᠵᠢᠶᠡᠨ ᠤ ᠲᠥᠷᠥᠯ ᠬᠡᠯᠪᠡᠷᠢ ᠶᠢᠨ ᠣᠨᠴᠠᠯᠢᠭ ᠢ ᠦᠨᠳᠦᠰᠦᠯᠡᠨ᠂ ᠠᠷᠠᠯᠵᠢᠶᠡᠨ ᠤ ᠭᠤᠤᠯ ᠴᠣᠭᠴᠠ ᠶᠢᠨ ᠢᠲᠡᠭᠡᠮᠵᠢ ᠶᠢᠨ ᠦᠨᠡᠯᠡᠬᠦ ᠲᠣᠨᠨᠳᠠᠯᠴᠠᠭ᠎ᠠ ᠶᠢ ᠪᠠᠶᠢᠭᠤᠯᠵᠤ᠂ ᠦᠨᠡᠯᠡᠬᠦ ᠠᠷᠭ᠎ᠠ ᠪᠠᠨ ᠲᠣᠳᠣᠷᠬᠠᠶᠢᠯᠠᠨ᠂ ᠢᠲᠡᠭᠡᠮᠵᠢ ᠪᠠᠷ ᠰᠠᠭᠤᠷᠢ ᠪᠣᠯᠭᠠᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃      ᠬᠤᠷᠢᠨ ᠵᠢᠷᠭᠤᠳᠤᠭᠠᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠦᠢᠯᠡᠴᠢᠯᠡᠭᠡᠨ ᠤ ᠪᠠᠶᠢᠭᠤᠯᠤᠮᠵᠢ ᠵᠢᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢ ᠵᠣᠷᠢᠭᠵᠢᠭᠤᠯᠵᠤ ᠪᠠᠶᠢᠭᠠᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯ ᠶᠠᠪᠤᠳᠠᠯ ᠤᠨ ᠡᠮᠦᠨᠡᠬᠢ ᠳᠤᠮᠳᠠᠬᠢ ᠪᠠ ᠳᠠᠷᠠᠭᠠᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠢᠶᠠᠷ ᠢᠯᠡ ᠪᠣᠯᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠬᠡᠷᠡᠭᠯᠡᠭᠦᠯᠵᠦ᠂ ᠢᠲᠡᠭᠡᠮᠵᠢ ᠶᠢᠨ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠯᠳᠦᠭᠦᠯᠦᠨ ᠠᠬᠢᠭᠤᠯᠬᠤ ᠬᠡᠷᠡᠭᠲᠡᠶ᠃      ᠬᠤᠷᠢᠨ ᠳᠣᠯᠣᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠤ ᠢᠲᠡᠭᠡᠮᠵᠢ ᠶᠢᠨ ᠦᠨᠡᠯᠡᠭᠰᠡᠨ ᠦᠷ᠎ᠡ ᠳ᠋ᠦᠩ ᠨᠢ ᠰᠠᠶᠢᠨ ᠪᠠᠶᠢᠪᠠᠯ᠂ ᠳᠣᠤᠷᠠᠬᠢ ᠮᠡᠲᠦ ᠤᠷᠮᠠᠰᠢᠭᠤᠯᠬᠤ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄      ︵ᠨᠢᠭᠡ︶ ᠲᠥᠷᠥᠯ ᠵᠦᠢᠯ ᠡᠭᠦᠰᠭᠡᠨ ᠪᠠᠶᠢᠭᠤᠯᠤᠭᠴᠢ ᠶᠢ ᠵᠤᠷᠢᠨᠨᠵᠢᠭᠤᠯᠵᠦ ᠪᠠᠶᠢᠭᠠᠳ ᠢᠲᠡᠭᠡᠮᠵᠢ ᠶᠢᠨ ᠦᠨᠡᠯᠡᠭᠰᠡᠨ ᠦᠷ᠎ᠡ ᠳ᠋ᠦᠩ ᠢᠶᠠᠷ ᠰᠠᠶᠢᠨ ᠪᠠᠶᠢᠬᠤ ᠵᠠᠭᠤᠴᠢ ᠣᠷᠤᠯᠠᠭᠴᠢ ᠪᠠ ᠦᠢᠯᠡᠴᠢᠯᠡᠭᠡᠨ ᠤ ᠪᠠᠶᠢᠭᠤᠯᠤᠮᠵᠢ ᠶᠢ ᠤᠷᠢᠳ ᠢᠶᠠᠷ ᠰᠣᠩᠭᠤᠭᠤᠯᠣᠨ᠎ᠠ︔      ︵ᠬᠤᠶᠠᠷ︶ ᠡᠳᠦᠷ ᠲᠤᠲᠤᠮ ᠤᠨ ᠪᠠᠶᠢᠴᠠᠭᠠᠯᠲᠠ᠂ ᠲᠤᠰᠬᠠᠶ ᠵᠦᠢᠯ ᠤᠨ ᠪᠠᠶᠢᠴᠠᠭᠠᠯᠲᠠ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠬᠠᠷᠢᠴᠠᠯ ᠪᠠ ᠤᠳᠠᠭ᠎ᠠ ᠳᠠᠷᠠᠭ᠎ᠠ ᠶᠢ ᠨᠢ ᠪᠠᠭᠤᠷᠠᠭᠤᠯᠤᠨ᠎ᠠ᠃      ᠬᠤᠷᠢᠨ ᠨᠠᠢᠮᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠳᠤ ᠠᠷᠪᠠᠨ ᠨᠢᠭᠡᠳᠦᠭᠡᠷ ᠵᠦᠢᠯ ᠠᠴᠠ ᠠᠷᠪᠠᠨ ᠳᠥᠷᠪᠡᠳᠦᠭᠡᠷ ᠵᠦᠢᠯ ᠬᠦᠷᠲᠡᠯ᠎ᠡ ᠲᠣᠭᠲᠠᠭᠠᠭᠰᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠪᠠᠶᠢᠪᠠᠯ᠂ ᠳᠣᠤᠷᠠᠬᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄      ︵ᠨᠢᠭᠡ︶ ᠲᠥᠷᠥᠯ ᠵᠦᠢᠯ ᠢ ᠡᠭᠦᠰᠭᠡᠨ ᠪᠠᠶᠢᠭᠤᠯᠤᠭᠴᠢ ᠨᠢ ᠵᠠᠭᠤᠴᠢ ᠣᠷᠤᠯᠠᠭᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠪᠠᠶᠢᠴᠠᠭᠠᠨ ᠯᠠᠪᠯᠠᠬᠤ ᠪᠠᠷ ᠳᠠᠮᠵᠢᠭᠤᠯᠤᠨ᠂ ᠢᠲᠡᠭᠡᠮᠵᠢ ᠠᠯᠳᠠᠭᠰᠠᠨ ᠵᠠᠭᠤᠴᠢ ᠣᠷᠣᠯᠬᠠᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠤ ᠠᠬᠤᠶᠢᠯᠠᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠶᠢᠯᠠᠭᠰᠠᠨ ᠠᠵᠢᠯ ᠢᠶᠠᠨ ᠳᠠᠭᠠᠭᠠᠨ ᠵᠠᠯᠭᠠᠭᠤᠯᠬᠤ ᠶᠢ ᠬᠠᠤᠯᠢ ᠶᠣᠰᠣᠭᠠᠷ ᠬᠢᠵᠠᠭᠠᠷᠯᠠᠨ᠎ᠠ︔      ︵ᠬᠤᠶᠠᠷ︶ ᠲᠥᠷᠥᠯ ᠵᠦᠢᠯ ᠡᠭᠦᠰᠭᠡᠨ ᠪᠠᠶᠢᠭᠤᠯᠤᠭᠴᠢ ᠠᠴᠠ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠤᠳᠠᠯᠳᠤᠨ ᠠᠪᠤᠯᠲᠠ ᠶᠢᠨ ᠪᠢᠴᠢᠭ ᠮᠠᠲ᠋ᠧᠷᠢᠶᠠᠯ ᠵᠡᠷᠭᠡ ᠠᠷᠠᠯᠵᠢᠶᠠᠨ ᠤ ᠪᠢᠴᠢᠭ ᠮᠠᠲ᠋ᠧᠷᠢᠶᠠᠯ ᠢᠶᠠᠷ ᠳᠡᠮᠵᠢᠨ ᠪᠣᠯᠵᠣᠨ ᠲᠣᠭᠲᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠣᠷᠣᠯᠴᠠᠬᠤ ᠶᠢ ᠨᠢ ᠬᠠᠤᠯᠢ ᠶᠣᠰᠣᠭᠠᠷ ᠬᠢᠵᠠᠭᠠᠷᠯᠠᠨ᠎ᠠ᠃ ᠬᠤᠯᠪᠣᠭᠠᠲᠤ ᠴᠣᠭᠴᠠ ᠶᠢᠨ ᠬᠡᠯᠪᠡᠷᠢ ᠪᠠᠷ ᠠᠷᠠᠯᠵᠢᠶᠠᠯᠠᠬᠤ ᠪᠠᠷ ᠭᠤᠶᠤᠴᠢᠯᠠᠭᠰᠠᠨ᠂ ᠬᠤᠯᠪᠣᠭᠠᠲᠤ ᠴᠣᠭᠴᠠ ᠶᠢᠨ ᠪᠦᠷᠢᠯᠳᠦᠬᠦᠨ ᠨᠢ ᠵᠠᠯᠬᠠᠭᠠᠨ ᠴᠡᠭᠡᠷᠯᠡᠭᠦᠯᠦᠭᠳᠡᠭᠰᠡᠨ ᠮᠡᠳᠡᠭᠡ ᠵᠠᠩᠭᠢ ᠲᠠᠢ ᠪᠠᠶᠢᠪᠠᠯ᠂ ᠲᠣᠰ ᠬᠤᠯᠪᠣᠭᠠᠲᠤ ᠴᠣᠭᠴᠠ ᠶᠢ ᠵᠠᠯᠬᠠᠭᠠᠨ ᠴᠡᠭᠡᠷᠯᠡᠭᠦᠯᠬᠦ ᠡᠲᠡᠭᠡᠳ ᠢᠶᠠᠷ ᠦᠵᠡᠬᠦ ᠬᠡᠷᠡᠭᠲᠡᠶ︔      ︵ᠭᠤᠷᠪᠠ︶ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢᠨ ᠬᠦᠴᠦᠨ ᠲᠠᠢ ᠬᠤᠭᠤᠴᠠᠭᠠᠨ ᠳᠠᠬᠢ ᠲᠤᠰᠬᠠᠶ ᠮᠡᠷᠭᠡᠵᠢᠯᠲᠡᠨ ᠤ ᠳᠠᠭᠠᠭᠠᠴᠢᠯᠠᠯᠲᠠ ᠦᠨᠡᠯᠡᠨ ᠬᠢᠨᠠᠬᠤ ᠳᠤ ᠣᠷᠣᠯᠴᠠᠬᠤ ᠶᠢ ᠬᠢᠵᠠᠭᠠᠷᠯᠠᠬᠤ ᠬᠡᠷᠡᠭᠲᠡᠶ︔      ︵ᠳᠥᠷᠪᠡ︶ ᠵᠠᠭᠤᠴᠢ ᠣᠷᠣᠯᠠᠭᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ ᠨᠢ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢᠨ ᠬᠦᠴᠦᠨ ᠲᠠᠢ ᠬᠤᠭᠤᠴᠠᠭᠠᠨ ᠳᠠᠬᠢ ᠠᠵᠢᠯᠲᠠᠨ ᠢ ᠬᠡᠷᠡᠭᠯᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠣᠷᠣᠯᠴᠠᠭᠤᠯᠵᠤ ᠪᠣᠯᠬᠤ ᠥᠬᠡᠶ︔      ︵ᠲᠠᠪᠤ︶ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠲᠠᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠢ ᠭᠤᠣᠯᠳᠠᠯᠭ᠎ᠠ ᠲᠠᠢ ᠬᠢᠨᠠᠯᠲᠠ ᠲᠠᠯᠪᠢᠨ ᠪᠠᠶᠢᠴᠠᠭᠠᠬᠤ ᠡᠲᠡᠭᠡᠳ ᠪᠣᠯᠭᠠᠵᠤ᠂ ᠡᠳᠦᠷ ᠲᠤᠲᠤᠮ ᠤᠨ ᠬᠢᠨᠠᠯᠲᠠ ᠲᠠᠯᠪᠢᠯᠲᠠ ᠪᠠ ᠲᠤᠰᠬᠠᠶ ᠪᠠᠶᠢᠴᠠᠭᠠᠯᠲᠠ ᠶᠢᠨ ᠶᠠᠪᠤᠴᠠ ᠳᠤ ᠪᠠᠨ ᠪᠠᠶᠢᠴᠠᠭᠠᠬᠤ ᠳᠠᠪᠲᠠᠮᠵᠢ ᠤᠳᠠᠭ᠎ᠠ ᠶᠢ ᠨᠢ ᠨᠡᠮᠡᠭᠳᠡᠭᠦᠯᠬᠦ ᠬᠡᠷᠡᠭᠲᠡᠶ᠃      ᠬᠤᠷᠢ ᠶᠢᠰᠦᠳᠦᠭᠡᠷ ᠵᠦᠢᠯ ᠠᠷᠠᠯᠵᠢᠶᠠᠨ ᠤ ᠡᠭᠦᠰᠭᠡᠨ ᠪᠠᠶᠢᠭᠤᠯᠤᠭᠴᠢ᠂ ᠵᠠᠭᠤᠴᠢ ᠣᠷᠤᠯᠠᠭᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠢ ᠵᠣᠷᠢᠭᠵᠢᠭᠤᠯᠵᠤ ᠪᠠᠶᠢᠭᠠᠳ ᠠᠷᠠᠯᠵᠢᠶᠠᠨ ᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠳᠤ᠂ ᠢᠲᠡᠭᠡᠮᠵᠢ ᠶᠢᠨ ᠦᠨᠡᠯᠡᠬᠦ ᠬᠤᠪᠢ ᠶᠢᠨ ᠬᠡᠮᠵᠢᠭᠳᠡᠯ ᠢ ᠳᠠᠭᠠᠭᠠᠴᠢᠯᠠᠯᠲᠠ ᠦᠨᠡᠯᠡᠬᠦ ᠬᠤᠪᠢ ᠶᠢᠨ ᠬᠡᠮᠵᠢᠭᠳᠡᠯ ᠳᠤ ᠣᠷᠤᠭᠤᠯᠬᠤ ᠮᠦᠷᠲᠡᠭᠡᠨ ᠳᠠᠭᠠᠭᠠᠴᠢᠯᠠᠯᠲᠠ ᠦᠨᠡᠯᠡᠬᠦ ᠬᠤᠪᠢ ᠶᠢᠨ ᠬᠡᠮᠵᠢᠭᠳᠡᠯ ᠳᠤ ᠡᠵᠡᠯᠡᠬᠦ ᠬᠤᠪᠢ ᠶᠢᠨ ᠵᠢᠩ ᠢ 3% — 5% ᠪᠣᠯᠭᠠᠨ᠎ᠠ᠃      ᠭᠤᠴᠢᠳᠤᠭᠠᠷ ᠵᠦᠢᠯ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠱᠠᠩᠨᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠬᠦᠴᠦᠨ ᠲᠠᠢ ᠬᠤᠭᠤᠴᠠᠭ᠎ᠠ ᠨᠢ ᠲᠠᠭᠤᠰᠤᠨᠨᠰᠠᠨ ᠪᠤᠶᠤ ᠱᠠᠩᠨᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠬᠦᠴᠦᠨ ᠲᠠᠢ ᠬᠤᠭᠤᠴᠠᠭᠠᠨ ᠳᠤ ᠲᠣᠬᠠᠢ ᠶᠢᠨ ᠬᠦᠮᠦᠨ ᠳᠤ ᠠᠷᠪᠠᠨ ᠨᠢᠭᠡᠳᠦᠭᠡᠷ ᠵᠦᠢᠯ ᠠᠴᠠ ᠠᠷᠪᠠᠨ ᠳᠥᠷᠪᠡᠳᠦᠭᠡᠷ ᠵᠦᠢᠯ ᠬᠦᠷᠲᠡᠯ᠎ᠡ ᠲᠣᠭᠲᠠᠭᠠᠭᠰᠠᠨ ᠪᠠᠶᠢᠳᠠᠯ ᠲᠠᠢ ᠪᠠᠶᠢᠪᠠᠯ᠂ ᠱᠠᠩᠨᠠᠬᠤ ᠠᠷᠭ᠎ᠠ ᠬᠡᠮᠵᠢᠶ᠎ᠡ ᠶᠢ ᠳᠠᠷᠦ᠋ᠢᠬᠠᠨ ᠵᠣᠭᠰᠤᠭᠠᠨ᠎ᠠ᠃ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠪᠣᠯ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠢᠯᠡ ᠪᠣᠯᠭᠠᠬᠤ ᠬᠦᠴᠦᠨ ᠲᠠᠢ ᠬᠤᠭᠤᠴᠠᠭ᠎ᠠ ᠳᠠᠭᠤᠰᠤᠭᠰᠠᠨ᠂ ᠡᠰᠡᠬᠦᠯ᠎ᠡ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠦᠴᠦᠨ ᠥᠬᠡᠶ ᠪᠣᠯᠭᠠᠬᠤ ᠦᠶ᠎ᠡ ᠳᠤ ᠵᠣᠭᠰᠤᠭᠠᠨ᠎ᠠ᠃      ᠭᠤᠴᠢᠨ ᠨᠢᠭᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠪᠣᠢ ᠪᠣᠯᠭᠠᠭᠰᠠᠨ ᠲᠤᠬᠠᠢ ᠶᠢᠨ ᠬᠥᠮᠦᠨ ᠳᠤ᠂ ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠭᠠᠶᠢᠯᠢ ᠲᠠᠲᠠᠪᠤᠷᠢ᠂ ᠠᠵᠤ ᠦᠢᠯᠡᠳᠪᠦᠷᠢ ᠬᠤᠳᠠᠯᠳᠤᠭ᠎ᠠ ᠶᠢᠨ ᠢᠲᠡᠭᠡᠮᠵᠢ ᠶᠢᠨ ᠬᠠᠮᠢᠶᠠᠷᠤᠯᠲᠠ᠂ ᠪᠡᠯᠡ ᠲᠣᠬᠢᠷᠠᠭᠤᠯᠭ᠎ᠠ ᠶᠢᠨ ᠢᠲᠡᠭᠡᠮᠵᠢ ᠣᠯᠭᠤᠬᠤ᠂ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠵᠦ ᠰᠠᠯᠭᠠᠨ ᠥᠭᠬᠦ᠂ ᠪᠠᠶᠢᠴᠠᠭᠠᠨ ᠰᠢᠯᠭᠠᠵᠤ ᠬᠢᠵᠢᠭ ᠪᠠᠶᠢᠴᠠᠭᠠᠬᠤ᠂ ᠪᠣᠭᠤᠮᠲᠠ ᠶᠢᠨ ᠭᠡᠷᠡᠴᠢᠯᠡᠯᠲᠡ᠂ ᠵᠠᠰᠠᠭ ᠤᠨ ᠣᠷᠳᠣᠨ ᠤ ᠴᠢᠨᠠᠷᠲᠠᠶ ᠪᠡᠯᠡ ᠮᠦᠩᠬᠦᠨ ᠤ ᠳᠡᠮᠵᠢᠯᠭᠡ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭ ᠲᠠᠷᠬᠠᠭᠠᠬᠤ᠂ ᠪᠣᠭᠤᠮᠲᠠ ᠶᠢᠨ ᠭᠠᠶᠢᠯᠢ ᠶᠢᠨ ᠨᠤᠭᠳᠠᠯ ᠤᠨ ᠬᠤᠪᠢᠶᠠᠷᠢᠯᠠᠯᠲᠠ ᠵᠡᠷᠭᠡ ᠬᠦᠷᠢᠶᠡᠨ ᠳᠤ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠶ᠃      ᠲᠠᠪᠤᠳᠤᠭᠠᠷ ᠪᠦᠯᠦᠭ ᠡᠷᠬᠡ ᠠᠰᠢᠭ ᠤᠨ ᠬᠠᠮᠠᠭᠠᠯᠠᠯᠲᠠ      ᠭᠤᠴᠢᠨ ᠬᠤᠶᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠪᠤᠶᠤ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ ᠨᠢ ᠢᠯᠡ ᠪᠣᠯᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠨᠢ ᠪᠣᠳᠠᠲᠤ ᠪᠠᠶᠢᠳᠠᠯ ᠲᠠᠢ ᠨᠡᠶᠢᠴᠡᠬᠦ ᠥᠬᠡᠶ ᠭᠡᠵᠦ ᠦᠵᠡᠪᠡᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠪᠤᠶᠤ ᠢᠲᠡᠭᠡᠮᠵᠢ ᠶᠢᠨ ᠮᠡᠳᠡᠭᠡ ᠵᠠᠩᠭᠢ ᠶᠢᠨ ᠢᠷᠡᠯᠲᠡ ᠶᠢᠨ ᠨᠢᠭᠡᠴᠢ ᠳᠤ ᠪᠢᠴᠢᠭ ᠤᠨ ᠬᠡᠯᠪᠡᠷᠢ ᠪᠠᠷ ᠣᠨᠳᠣᠤ ᠰᠠᠨᠠᠯ ᠢᠶᠠᠨ ᠳᠤᠷᠠᠳᠴᠤ ᠪᠣᠯᠤᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠨᠢ ᠣᠨᠳᠣᠤ ᠰᠠᠨᠠᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠣᠨᠳᠣᠤ ᠰᠠᠨᠠᠯ ᠢᠶᠠᠨ ᠢᠲᠡᠭᠡᠮᠵᠢ ᠶᠢᠨ ᠮᠡᠳᠡᠭᠡ ᠵᠠᠩᠭᠢ ᠶᠢᠨ ᠢᠷᠡᠯᠲᠡ ᠶᠢᠨ ᠨᠢᠭᠡᠴᠢ ᠳᠤ ᠰᠢᠯᠵᠢᠭᠦᠯᠦᠨ ᠬᠦᠷᠭᠡᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠢᠷᠡᠯᠲᠡ ᠶᠢᠨ ᠨᠢᠭᠡᠴᠢ ᠨᠢ ᠣᠨᠳᠣᠤ ᠰᠠᠨᠠᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠶᠢᠨ ᠬᠠᠮᠲᠤ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠬᠠᠮᠲᠤ ᠳᠤ ᠨᠢ ᠣᠨᠳᠣᠤ ᠰᠠᠨᠠᠯ ᠳᠤᠷᠠᠳᠤᠭᠰᠠᠨ ᠬᠥᠮᠦᠨ ᠳᠤ ᠮᠡᠳᠡᠭᠳᠡᠬᠦ ᠬᠡᠷᠡᠭᠲᠡᠶ᠃ ᠬᠠᠮᠢᠶ᠎ᠠ ᠪᠥᠬᠦᠶ ᠮᠡᠳᠡᠭᠡ ᠵᠠᠩᠭᠢ ᠨᠢ ᠪᠣᠳᠠᠲᠤ ᠪᠠᠶᠢᠳᠠᠯ ᠲᠠᠢ ᠨᠡᠶᠢᠴᠡᠬᠦ ᠥᠬᠡᠶ ᠪᠠᠶᠢᠪᠠᠯ᠂ ᠮᠡᠳᠡᠭᠡ ᠵᠠᠩᠭᠢ ᠶᠢᠨ ᠢᠷᠡᠯᠲᠡ ᠶᠢᠨ ᠨᠢᠭᠡᠴᠢ ᠨᠢ ᠴᠠᠭ ᠲᠤᠬᠠᠶ ᠳᠤ ᠨᠢ ᠵᠠᠯᠠᠷᠠᠭᠤᠯᠬᠤ ᠶᠢᠨ ᠬᠠᠮᠲᠤ᠂ ᠵᠠᠯᠠᠷᠠᠭᠤᠯᠤᠨᠨᠰᠠᠨ ᠦᠷ᠎ᠡ ᠳ᠋ᠦᠩ ᠢᠶᠠᠨ ᠤᠤᠯ ᠤᠨ ᠮᠡᠳᠡᠭᠡ ᠵᠠᠩᠭᠢ ᠶᠢ ᠢᠯᠡ ᠪᠣᠯᠭᠠᠭᠰᠠᠨ ᠵᠠᠮ ᠮᠥᠷ ᠢᠶᠠᠷ ᠢᠯᠡ ᠨᠡᠶᠢᠲᠡᠯᠡᠬᠦ ᠶᠢᠨ ᠬᠠᠮᠲᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠳᠤ ᠬᠠᠮᠳᠤ ᠳᠤ ᠨᠢ ᠬᠤᠪᠢᠶᠠᠯᠴᠠᠵᠤ ᠲᠠᠯᠪᠢᠬᠤ ᠬᠡᠷᠡᠭᠲᠡᠶ᠃      ᠭᠤᠴᠢᠨ ᠭᠤᠷᠪᠠᠳᠤᠭᠠᠷ ᠵᠦᠢᠯ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠦᠢᠯᠡᠴᠢᠯᠡᠭᠡᠨ ᠤ ᠪᠠᠶᠢᠭᠤᠯᠤᠮᠵᠢ ᠬᠢᠭᠡᠳ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠵᠢᠴᠢ ᠲᠡᠭᠦᠨ ᠤ ᠠᠵᠢᠯᠲᠠᠳ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠳᠤ ᠬᠠᠤᠯᠢ ᠶᠣᠰᠣᠭᠠᠷ ᠡᠭᠦᠷᠭᠡ ᠪᠠᠨ ᠭᠦᠢᠴᠡᠳᠬᠡᠭᠰᠡᠨ ᠦᠭᠡᠢ᠂ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠢ ᠣᠯᠵᠤ ᠮᠡᠳᠡᠪᠡᠯ᠂ ᠲᠡᠭᠦᠨ ᠢ ᠵᠠᠯᠠᠷᠠᠭᠤᠯᠬᠤ ᠪᠠᠷ ᠱᠠᠭᠠᠷᠳᠠᠬᠤ ᠪᠤᠶᠤ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠯᠭ᠎ᠠ ᠭᠠᠷᠭᠠᠵᠤ ᠪᠣᠯᠤᠨ᠎ᠠ᠃      ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠳᠥᠷᠪᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠬᠤᠳᠠᠯ ᠬᠠᠭᠤᠷᠮᠠᠭ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠬᠠᠩᠭᠠᠭᠰᠠᠨ ᠪᠣᠯ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠪᠦᠷᠢᠯᠡᠵᠦ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤ ᠨᠢ ᠢᠯᠡ ᠪᠣᠯᠭᠠᠬᠤ ᠬᠡᠷᠡᠭᠲᠡᠶ᠃ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃      ᠭᠤᠴᠢᠨ ᠲᠠᠪᠤᠳᠤᠭᠠᠷ ᠵᠦᠢᠯ ᠡᠯ᠎ᠡ ᠱᠠᠲᠤᠨ ᠤ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠦᠢᠯᠡᠴᠢᠯᠡᠭᠡᠨ ᠤ ᠪᠠᠶᠢᠭᠤᠯᠤᠮᠵᠢ ᠵᠢᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠬᠢᠭᠡᠳ ᠲᠡᠭᠦᠨ ᠤ ᠠᠵᠢᠯᠲᠠᠳ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ᠂ ᠢᠯᠡ ᠪᠣᠯᠭᠠᠬᠤ᠂ ᠬᠡᠷᠡᠭᠯᠡᠬᠦ ᠵᠡᠷᠭᠡ ᠠᠵᠢᠯ ᠤᠨ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠣᠯ᠂ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ᠂ ᠨᠡᠪᠲᠡᠷᠡᠭᠦᠯᠦᠨ ᠰᠢᠭᠦᠮᠵᠢᠯᠡᠨ᠎ᠡ᠃ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃      ᠭᠤᠴᠢᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ᠂ ᠬᠠᠮᠠᠭᠠᠯᠠᠬᠤ᠂ ᠬᠠᠮᠢᠶᠠᠷᠬᠤ ᠨᠢᠭᠡᠴᠢ ᠵᠢᠴᠢ ᠠᠵᠢᠯᠲᠠᠳ ᠨᠢ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠵᠤ ᠬᠠᠮᠲᠤ ᠳᠤ ᠪᠠᠨ ᠬᠦᠷᠲᠡᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠲᠡᠭᠦᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ᠂ ᠨᠡᠪᠲᠡᠷᠡᠭᠦᠯᠦᠨ ᠰᠢᠭᠦᠮᠵᠢᠯᠡᠬᠦ ᠬᠡᠷᠡᠭᠲᠡᠶ᠃ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃      ᠭᠤᠴᠢᠨ ᠳᠣᠯᠣᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠳᠤᠷ᠎ᠠ ᠪᠠᠷ ᠢᠶᠠᠨ ᠬᠡᠷᠡᠭᠯᠡᠬᠦ ᠪᠤᠶᠤ ᠢᠯᠡ ᠪᠤᠯᠭᠠᠨᠨᠰᠠᠨ ᠦᠬᠡᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠪᠤᠰᠤ ᠪᠠᠷ ᠭᠤᠷᠪᠠᠳᠠᠬᠢ ᠡᠲᠡᠭᠡᠳ ᠲᠤ ᠬᠠᠩᠭᠠᠭᠰᠠᠨ ᠪᠠᠶᠢᠪᠠᠯ᠂ ᠲᠡᠭᠦᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ᠂ ᠨᠡᠪᠲᠡᠷᠡᠭᠦᠯᠦᠨ ᠰᠢᠭᠦᠮᠵᠢᠯᠡᠬᠦ ᠬᠡᠷᠡᠭᠲᠡᠶ᠃ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃      ᠭᠤᠴᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠲᠣᠭᠲᠠᠯᠴᠠᠭ᠎ᠠ ᠳᠤ ᠵᠠᠯᠭᠠᠨ ᠣᠷᠤᠭᠤᠯᠤᠭᠰᠠᠨ ᠭᠤᠷᠪᠠᠳᠠᠬᠢ ᠡᠲᠡᠭᠡᠳ ᠤᠨ ᠠᠷᠠᠯᠵᠢᠶᠡᠨ ᠤ ᠰᠢᠰᠲ᠋ᠧᠮ ᠨᠢ ᠲᠣᠰ ᠠᠷᠭ᠎ᠠ ᠶᠢᠨ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠲᠠᠢ ᠠᠳᠠᠯᠢᠬᠠᠨ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠨ᠎ᠡ᠃      ᠭᠤᠴᠢ ᠶᠢᠰᠦᠳᠦᠭᠡᠷ ᠵᠦᠢᠯ ᠲᠣᠰ ᠠᠷᠭ᠎ᠠ ᠶᠢ 2021 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ