ᠲᠦᠩᠯᠢᠶᠣᠤ ᠬᠤᠲᠠ ᠶᠢᠨ ︽13·5︾᠎ ᠶᠢᠨ ᠬᠤᠭᠤᠴᠠᠭᠠᠨ ᠳᠤ 911.7 ᠺᠢᠯᠣᠮᠧᠲᠷ ᠵᠠᠰᠠᠮᠠᠯ ᠵᠠᠮ ᠳᠡᠪᠢᠰᠴᠦ ᠲᠡᠷᠭᠡ ᠨᠡᠪᠲᠡᠷᠡᠭᠦᠯᠪᠡ
ᠨᠡᠶᠢᠲᠡᠯᠡᠭᠰᠡᠨ ᠴᠠᠭ᠄
2021/4/9

     ᠲᠦᠩᠯᠢᠶᠣᠤ ᠬᠤᠲᠠ ᠶᠢᠨ ︽13·5︾᠎ ᠶᠢᠨ ᠲᠥᠯᠥᠪᠵᠢᠭᠦᠯᠭᠡ ᠶᠢᠨ ᠠᠮᠵᠢᠯᠲᠠ ᠪᠦᠲᠦᠮᠵᠢ ᠶᠢᠨ ᠲᠣᠭᠤᠷᠢᠨ ᠦᠵᠡᠬᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠵᠠᠮ ᠬᠠᠷᠢᠯᠴᠠᠭᠠᠨ ᠤ ᠲᠤᠰᠬᠠᠶ ᠲᠠᠯᠠᠪᠤᠷ ᠤᠨ ᠰᠣᠨᠢᠨ ᠮᠡᠳᠡᠭᠡ ᠨᠡᠶᠢᠲᠡᠯᠡᠯ ᠠᠴᠠ ᠣᠶᠢᠯᠠᠭᠠᠭᠰᠠᠨ ᠢᠶᠠᠷ᠂ ︽13·5︾᠎ ᠶᠢᠨ ᠬᠤᠭᠤᠴᠠᠭᠠᠨ ᠳᠤ᠂ ᠲᠦᠩᠯᠢᠶᠣᠤ ᠬᠤᠲᠠ ᠵᠠᠮ ᠲᠡᠭᠡᠭᠡᠪᠦᠷᠢ ᠶᠢᠨ ᠰᠢᠰᠲ᠋ᠧᠮ ᠤᠨ ᠭᠤᠤᠯᠳᠠᠯᠭ᠎ᠠ ᠲᠠᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ 911.7 ᠺᠢᠯᠣᠮᠧᠲᠷ ᠵᠠᠰᠠᠮᠠᠯ ᠵᠠᠮ ᠳᠡᠪᠢᠰᠴᠦ ᠲᠡᠷᠭᠡ ᠨᠡᠪᠲᠡᠷᠡᠭᠦᠯᠪᠡ᠃ ᠡᠭᠦᠨ ᠳᠤ ᠳᠡᠭᠡᠳᠦ ᠬᠤᠷᠳᠤ ᠶᠢᠨ ᠵᠠᠰᠠᠮᠠᠯ ᠵᠠᠮ 2 ᠵᠣᠷᠪᠣᠰ ᠪᠣᠶ᠂ ᠲᠤᠬᠠᠶᠢᠯᠠᠪᠠᠯ ᠴᠠᠩᠴᠦ᠋ᠨ ᠠᠴᠠ ᠱᠧᠨᠵᠧᠨ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠢᠨᠮᠢᠨ ᠠᠴᠠ ᠯᠥᠪᠸᠢ ᠬᠦᠷᠬᠦ ᠬᠤᠯᠪᠣᠭ᠎ᠠ ᠱᠤᠭᠤᠮ ᠤᠨ ᠲᠦᠩᠯᠢᠶᠣᠤ ᠠᠴᠠ ᠯᠥᠪᠸᠢ ᠬᠦᠷᠬᠦ ᠬᠡᠰᠡᠭ ᠤᠨ 160 ᠺᠢᠯᠣᠮᠧᠲᠷ ᠪᠠ ᠳ᠋ᠠᠴᠢᠩ ᠠᠴᠠ ᠭᠤᠸᠠᠩᠵᠸᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠨᠠᠢᠮᠠᠨ ᠬᠤᠰᠢᠭᠤ ᠠᠴᠠ ᠶᠢᠩᠺᠸᠦ ᠬᠦᠷᠬᠦ ᠬᠤᠯᠪᠣᠭ᠎ᠠ ᠱᠤᠭᠤᠮ ᠤᠨ ᠨᠠᠢᠮᠠᠨ ᠬᠤᠰᠢᠭᠤ ᠠᠴᠠ ᠪᠠᠶ ᠵᠢᠶᠠ ᠸᠠᠨ ᠽᠢ ᠬᠥᠷᠬᠦ ᠬᠡᠰᠡᠭ ︵ᠥᠪᠥᠷ ᠮᠣᠩᠭᠤᠯ ᠯᠢᠶᠣᠤᠨᠢᠩ ᠤᠨ ᠵᠠᠭᠠᠭ︶᠎ ᠤᠨ 57 ᠺᠢᠯᠣᠮᠧᠲᠷ ᠪᠣᠯᠣᠨ᠎ᠠ᠂ ᠨᠡᠶᠢᠲᠡ 217 ᠺᠢᠯᠣᠮᠧᠲᠷ ᠪᠠᠶᠢᠨ᠎ᠠ︔ ᠨᠢᠭᠡᠳᠦᠭᠡᠷ ᠳᠡᠰ ᠤᠨ ᠵᠠᠰᠠᠮᠠᠯ ᠵᠠᠮ 5 ᠵᠤᠷᠪᠤᠰ ᠪᠤᠢ᠂ ᠲᠤᠬᠠᠶᠢᠯᠠᠪᠠᠯ 207 ᠨᠣᠮᠧᠷᠲᠦ ᠮᠤᠵᠢ ᠶᠢᠨ ᠵᠠᠮ ᠤᠨ ᠳᠠᠯᠠᠩ ᠪᠠᠯᠭᠠᠰᠤ ᠠᠴᠠ ᠪᠦᠦ ᠺᠠᠩ ᠪᠠᠯᠭᠠᠰᠤ ᠬᠦᠷᠬᠦ ᠬᠡᠰᠡᠭ ᠤᠨ 84 ᠺᠢᠯᠣᠮᠧᠲᠷ᠂ 305 ᠨᠣᠮᠧᠷᠲᠦ ᠮᠤᠵᠢ ᠶᠢᠨ ᠵᠠᠮ ᠤᠨ ᠭᠠᠨᠵᠤᠭ᠎ᠠ ᠠᠴᠠ ᠬᠦᠷᠢᠶ᠎ᠡ ᠬᠤᠰᠢᠭᠤᠨ ᠤ ᠫᠢᠩ ᠠᠨ ᠰᠢᠶᠠᠩ ᠬᠦᠷᠬᠦ ᠬᠡᠰᠡᠭ ᠤᠨ 87 ᠺᠢᠯᠣᠮᠧᠲᠷ᠂ 303 ᠨᠣᠮᠧᠷᠲᠦ ᠤᠯᠤᠰ ᠤᠨ ᠵᠠᠮ ᠤᠨ ᠲᠦᠩᠯᠢᠶᠣᠤ ᠠᠴᠠ ᠹᠧᠩ ᠬᠤᠸᠠᠩ ᠯᠢᠩ ᠬᠦᠷᠬᠦ ᠬᠡᠰᠡᠭ ᠤᠨ 111 ᠺᠢᠯᠣᠮᠧᠲᠷ᠂ 101 ᠨᠣᠮᠧᠷᠲᠦ ᠮᠤᠵᠢ ᠶᠢᠨ ᠵᠠᠮ ᠤᠨ ᠬᠤᠣᠯᠢᠨ ᠭᠤᠣᠯ ᠠᠴᠠ ᠠᠯᠳᠡᠷ ᠬᠦᠷᠬᠦ ᠬᠡᠰᠡᠭ ᠤᠨ 35.4 ᠺᠢᠯᠣᠮᠧᠲᠷ ᠪᠠ 111 ᠨᠣᠮᠧᠷᠲᠦ ᠤᠯᠤᠰ ᠤᠨ ᠵᠠᠮ ᠤᠨ ᠱᠧᠪᠡᠷᠲᠦ ᠠᠴᠠ ᠬᠠᠭ᠎ᠠ ᠶᠢᠨ ᠰᠦᠮ᠎ᠡ ᠬᠦᠷᠬᠦ ᠬᠡᠰᠡᠭ ᠤᠨ 39 ᠺᠢᠯᠣᠮᠧᠲᠷ ᠪᠣᠯᠣᠨ᠎ᠠ᠂ ᠨᠡᠶᠢᠲᠡ 356.4 ᠺᠢᠯᠣᠮᠧᠲᠷ ᠪᠠᠶᠢᠨ᠎ᠠ︔ ᠬᠤᠶᠠᠳᠤᠭᠠᠷ ᠳᠡᠰ ᠤᠨ ᠵᠠᠰᠠᠮᠠᠯ ᠵᠠᠮ 3 ᠵᠤᠷᠪᠤᠰ ᠪᠤᠶ᠂ ᠲᠤᠬᠠᠶᠢᠯᠠᠪᠠᠯ 304 ᠨᠣᠮᠧᠷᠲᠦ ᠮᠤᠵᠢ ᠶᠢᠨ ᠵᠠᠮ ᠤᠨ ᠱᠧᠪᠡᠷᠲᠦ ᠠᠴᠠ ᠳ᠋ᠠᠰᠢᠩ ᠬᠦᠷᠬᠦ ᠬᠡᠰᠡᠭ ᠤᠨ 153 ᠺᠢᠯᠣᠮᠧᠲᠷ᠂ 208 ᠨᠣᠮᠧᠷᠲᠦ ᠮᠤᠵᠢ ᠶᠢᠨ ᠵᠠᠮ ᠤᠨ ᠯᠦᠪᠸᠢ ᠠᠴᠠ ᠺᠠᠶᠢᠯᠦ ᠬᠦᠷᠬᠦ ᠬᠡᠰᠡᠭ ᠤᠨ 167.6 ᠺᠢᠯᠣᠮᠧᠲᠷ ᠪᠣᠯᠤᠨ 111 ᠨᠣᠮᠧᠷᠲᠦ ᠤᠯᠤᠰ ᠤᠨ ᠵᠠᠮ ᠤᠨ ᠰᠢᠩ ᠯᠦᠩ ᠵᠤᠸᠠᠩ ᠠᠴᠠ ᠬᠤᠶᠢᠲᠤ ᠬᠠᠰᠢᠶᠠᠲᠤ ᠬᠦᠷᠬᠦ ᠬᠡᠰᠡᠭ ᠤᠨ 17.7 ᠺᠢᠯᠣᠮᠧᠲᠷ ᠪᠣᠯᠣᠨ᠎ᠠ᠂ ᠨᠡᠶᠢᠲᠡ 338.3 ᠺᠢᠯᠣᠮᠧᠲᠷ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ