ᠠᠯᠠᠱᠠ ᠠᠶᠢᠮᠠᠭ ᠬᠥᠮᠦᠨ ᠤ ᠬᠦᠴᠦ ᠪᠠᠷ 328.5 ᠲᠦᠮᠡᠨ ᠮᠦ ᠣᠶᠢᠵᠢᠭᠤᠯᠵᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2021/4/9

      ᠤᠢᠢᠷ᠎ᠠ ᠶᠢᠨ ᠵᠢᠯ ᠤᠳ ᠲᠤ᠂ ᠠᠯᠠᠱᠠ ᠵᠡᠭᠦᠨ ᠬᠤᠰᠢᠭᠤ ᠠᠮᠢ ᠠᠬᠤᠢ ᠶᠢ ᠲᠡᠷᠢᠭᠦᠨ ᠳᠤ ᠲᠠᠯᠪᠢᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠨᠣᠭᠤᠭᠠᠷᠠᠭᠤᠯᠤᠯᠲᠠ ᠶᠢᠨ ᠠᠬᠢᠴᠠ ᠪᠠ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠵᠤ᠂ ᠠᠯᠠᠱᠠ ᠵᠢᠨ‌ᠥᠪᠡᠷᠮᠢᠴᠡ ᠣᠨᠴᠠᠯᠢᠭ ᠪᠦᠬᠦᠢ ᠡᠯᠡᠰᠦᠨ ᠪᠤᠳᠠ ᠮᠣᠳᠣᠨ ᠤ ᠳᠠᠪᠠᠭᠤᠯᠢᠭ ᠢ ᠭᠦᠢᠴᠡᠳ ᠠᠰᠢᠭᠯᠠᠵᠤ᠂ ᠬᠥᠮᠦᠨ ᠤ ᠬᠦᠴᠦᠨ ᠤ ᠣᠶᠢᠵᠢᠭᠤᠯᠤᠯᠲᠠ ᠶᠢ ᠵᠠᠭᠤᠨ ᠲᠦᠮᠡᠨ ᠮᠦ ᠵᠠᠭ ᠮᠣᠳᠤ᠂ ᠴᠠᠭᠠᠨ ᠭᠤᠶᠣᠣ ᠪᠠ ᠵᠠᠭᠤᠨ ᠲᠦᠮᠡᠨ ᠮᠦ ᠳᠡᠷᠪᠡᠯᠵᠢ ᠶᠢᠨ ᠦᠷ᠎ᠡ ᠲᠡᠭᠦᠬᠦ ᠰᠠᠭᠤᠷᠢᠨ ᠲᠠᠢ ᠨᠢᠭᠲᠠ ᠤᠶᠠᠯᠳᠤᠭᠤᠯᠵᠠᠢ᠃ 2020 ᠣᠨ ᠤ ᠡᠴᠦᠰ ᠪᠣᠯᠬᠤ ᠳᠤ᠂ ᠠᠯᠠᠱᠠ ᠵᠡᠭᠦᠨ ᠬᠤᠰᠢᠭᠤᠨ ᠤ ᠬᠥᠮᠦᠨ ᠤ ᠬᠦᠴᠦ ᠪᠠᠷ ᠣᠶᠢᠵᠢᠭᠤᠯᠤᠭᠰᠠᠨ ᠲᠠᠯᠠᠪᠠᠶ ᠨᠡᠶᠢᠲᠡ 328.5 ᠲᠦᠮᠡᠨ ᠮᠥ ᠳᠤ ᠬᠦᠷᠴᠦ᠂ ᠡᠨᠡ ᠵᠢᠯ 18 ᠲᠦᠮᠡᠨ ᠮᠥ ᠣᠶᠢᠵᠢᠭᠤᠯᠬᠤ ᠪᠠᠷ ᠵᠢᠱᠢᠵᠦ ᠪᠣᠶ᠃

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ