ᠰᠢ ᠶᠢᠨ ᠫᠢᠩ ᠵᠡᠬᠦᠨ ᠪᠠᠷᠠᠭᠤᠨ ᠤᠷᠤᠨ ᠤ ᠬᠠᠮᠵᠢᠯᠴᠠᠭ᠎ᠠ ᠪᠠ ᠴᠡᠭ ᠲᠤᠭᠳᠠᠭᠠᠨ ᠬᠠᠪᠰᠤᠷᠤᠨ ᠳᠡᠳᠬᠦᠬᠦ ᠠᠵᠢᠯ ᠢ ᠬᠦᠨᠵᠡᠭᠡᠶᠢᠷᠡᠬᠦᠯᠬᠦ ᠲᠤᠬᠠᠢ ᠴᠢᠬᠤᠯᠠ ᠵᠢᠭᠠᠪᠤᠷᠢ ᠦᠭᠴᠦ ᠴᠢᠬᠤᠯᠠᠴᠢᠯᠠᠬᠰᠠᠨ ᠨᠢ ᠪᠠᠶᠢᠳᠠᠯ ᠡᠬᠦᠷᠭᠡ ᠶᠢᠨ ᠬᠤᠪᠢᠷᠠᠯᠳᠠ ᠳᠤ ᠵᠤᠬᠢᠴᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠵᠤᠷᠢᠭ ᠰᠠᠨᠠᠭ᠎ᠠ ᠶᠢ ᠪᠠᠳᠠᠷᠠᠭᠤᠯᠵᠤ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠲᠦᠷᠭᠡᠳᠭᠡᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2021/4/9

      ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠳᠤ ᠵᠡᠬᠦᠨ ᠪᠠᠷᠠᠭᠤᠨ ᠤᠷᠤᠨ ᠤ ᠬᠠᠮᠵᠢᠯᠴᠠᠭ᠎ᠠ ᠪᠠ ᠴᠡᠭ ᠲᠤᠭᠳᠠᠭᠠᠨ ᠬᠠᠪᠰᠤᠷᠤᠨ ᠳᠡᠳᠬᠦᠬᠦ ᠠᠵᠢᠯ ᠢ ᠬᠦᠨᠵᠡᠭᠡᠶᠢᠷᠡᠬᠦᠯᠬᠦ ᠲᠤᠬᠠᠢ ᠴᠢᠬᠤᠯᠠ ᠵᠢᠭᠠᠪᠤᠷᠢ ᠦᠭᠬᠦ ᠳᠡᠭᠡᠨ᠂ ᠵᠡᠬᠦᠨ ᠪᠠᠷᠠᠭᠤᠨ ᠤᠷᠤᠨ ᠤ ᠬᠠᠮᠵᠢᠯᠴᠠᠭ᠎ᠠ ᠪᠠ ᠴᠡᠭ ᠲᠤᠭᠳᠠᠭᠠᠨ ᠬᠠᠪᠰᠤᠷᠤᠨ ᠳᠡᠳᠬᠦᠬᠦ ᠠᠵᠢᠯ ᠢ ᠦᠷᠨᠢᠬᠦᠯᠬᠦ ᠪᠤᠯ ᠨᠠᠮ ᠤᠨ ᠲᠦᠪ ᠬᠤᠷᠢᠶ᠎ᠠ ᠠᠴᠠ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠠ ᠶᠢ ᠠᠬᠢᠭᠤᠯᠬᠤ᠂ ᠬᠠᠮᠳᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢᠨ ᠲᠦᠯᠦᠬᠡ ᠭᠠᠷᠭᠠᠭᠰᠠᠨ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠮᠦᠨ᠃ ᠪᠠᠶᠢᠳᠠᠯ ᠡᠬᠦᠷᠭᠡ ᠶᠢᠨ ᠬᠤᠪᠢᠷᠠᠯᠳᠠ ᠳᠤ ᠵᠤᠬᠢᠴᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠠ ᠪᠦᠳᠦᠭᠡᠯ ᠢ ᠪᠠᠬᠢᠵᠢᠬᠦᠯᠦᠨ ᠦᠷᠭᠡᠳᠭᠡᠬᠦ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠠᠩᠬᠠᠷᠤᠯ ᠢᠶᠠᠨ ᠲᠦᠪᠯᠡᠷᠡᠬᠦᠯᠵᠤ᠂ ᠵᠡᠬᠦᠨ ᠪᠠᠷᠠᠭᠤᠨ ᠤᠷᠤᠨ ᠤ ᠬᠠᠮᠵᠢᠯᠴᠠᠭ᠎ᠠ ᠪᠠ ᠴᠡᠭ ᠲᠤᠭᠳᠠᠭᠠᠨ ᠬᠠᠪᠰᠤᠷᠤᠨ ᠳᠡᠳᠬᠦᠬᠦ ᠠᠵᠢᠯ ᠢ ᠬᠦᠨᠵᠡᠭᠡᠶᠢᠷᠡᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃
      ᠰᠢ ᠶᠢᠨ ᠫᠢᠩ᠂ ᠵᠡᠬᠦᠨ ᠪᠠᠷᠠᠭᠤᠨ ᠤᠷᠤᠨ ᠤ ᠬᠠᠮᠵᠢᠯᠴᠠᠭ᠎ᠠ ᠪᠠᠶᠢᠭᠤᠯᠤᠨ ᠬᠠᠪᠰᠤᠷᠤᠨ ᠳᠡᠳᠬᠦᠬᠦ ᠬᠠᠷᠢᠴᠠᠭ᠎ᠠ ᠶᠢ ᠳᠡᠬᠦᠯᠳᠡᠷᠵᠢᠬᠦᠯᠵᠦ᠂ ᠬᠠᠪᠰᠤᠷᠤᠨ ᠳᠡᠳᠬᠦᠬᠦ ᠬᠦᠷᠢᠶ᠎ᠠ ᠴᠠᠷᠠᠭ᠎ᠠ ᠶᠢ ᠦᠷᠭᠡᠳᠬᠡᠨ᠂ ᠬᠠᠪᠰᠤᠷᠤᠨ ᠳᠡᠳᠬᠦᠬᠦ ᠲᠤᠭᠳᠠᠴᠠ ᠶᠢ ᠪᠦᠷᠢᠨᠰᠢᠬᠦᠯᠵᠦ᠂ ᠬᠠᠪᠰᠤᠷᠤᠨ ᠳᠡᠳᠬᠦᠬᠦ ᠠᠷᠭ᠎ᠠ ᠭᠡᠯᠪᠡᠷᠢ ᠶᠢ ᠰᠢᠯᠢᠳᠡᠭᠵᠢᠬᠦᠯᠦᠨ᠂ ᠠᠵᠤ ᠦᠢᠯᠡᠰ ᠤᠨ ᠲᠠᠯ᠎ᠠ ᠪᠠᠷ ᠬᠠᠮᠳᠤᠷᠠᠯᠴᠠᠬᠤ᠂ ᠡᠬᠢ ᠪᠠᠶᠠᠯᠢᠭ ᠢᠶᠠᠨ ᠬᠠᠷᠢᠯᠴᠠᠨ ᠨᠦᠬᠦᠪᠦᠷᠢᠯᠡᠬᠦ᠂ ᠬᠦᠳᠡᠯᠮᠦᠷᠢ ᠦᠢᠯᠡᠴᠢᠯᠡᠭᠡ ᠶᠢ ᠵᠤᠯᠭᠠᠭᠤᠯᠬᠤ᠂ ᠴᠢᠳᠠᠪᠤᠷᠢᠳᠠᠨ ᠤ ᠰᠤᠯᠢᠯᠴᠠᠭ᠎ᠠ ᠭᠢᠬᠦ ᠵᠡᠷᠭᠡ ᠶᠢ ᠴᠢᠩᠭᠠᠳᠬᠠᠵᠦ᠂ ᠪᠦᠬᠦ ᠨᠡᠶᠢᠭᠡᠮ ᠤᠨ ᠬᠢᠨ ᠢ ᠲᠠᠶᠢᠴᠢᠯᠠᠨ ᠤᠷᠤᠯᠴᠠᠭᠤᠯᠵᠦ᠂ ᠤᠷᠤᠨ ᠪᠦᠰᠡ ᠶᠢᠨ ᠵᠤᠬᠢᠴᠠᠩᠭᠤᠢ ᠪᠠᠷ ᠬᠦᠭᠵᠢᠬᠦ᠂ ᠬᠠᠮᠵᠢᠯᠴᠠᠨ ᠬᠦᠭᠵᠢᠬᠦ᠂ ᠬᠠᠮᠳᠤ ᠪᠠᠷ ᠬᠦᠭᠵᠢᠬᠦ ᠰᠠᠶᠢᠨ ᠰᠠᠶᠢᠬᠠᠨ ᠪᠠᠶᠢᠳᠠᠯ ᠢ ᠪᠦᠷᠢᠯᠳᠦᠬᠦᠯᠬᠦ ᠭᠡᠷᠡᠭᠲᠡᠢ᠃ ᠲᠦᠪ ᠤᠨ ᠴᠡᠭ ᠲᠤᠭᠳᠠᠭᠠᠨ ᠬᠠᠪᠰᠤᠷᠤᠨ ᠳᠡᠳᠬᠦᠬᠦ ᠨᠢᠭᠡᠴᠢ ᠶᠢᠨ ᠬᠢᠨ ᠬᠠᠪᠰᠤᠷᠤᠨ ᠳᠡᠳᠬᠦᠬᠦ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠦ᠂ ᠲᠤᠰ ᠪᠡᠶ᠎ᠠ ᠶᠢᠨ ᠲᠠᠪᠠᠭᠤᠯᠢᠭ ᠢᠶᠠᠨ ᠪᠠᠳᠠᠷᠠᠭᠤᠯᠤᠨ᠂ ᠬᠠᠪᠰᠤᠷᠤᠨ ᠳᠡᠳᠬᠦᠬᠦ ᠠᠷᠭ᠎ᠠ ᠭᠡᠮᠵᠢᠶ᠎ᠠ ᠶᠢᠨ ᠰᠢᠨ᠎ᠠ ᠶᠢ ᠡᠬᠦᠳᠴᠦ᠂ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠨ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠱᠠᠯᠠᠪᠳᠠᠭᠤᠯᠤᠨ ᠠᠬᠢᠭᠤᠯᠵᠦ᠂ ᠬᠠᠪᠰᠤᠷᠤᠨ ᠳᠡᠳᠬᠦᠬᠦ ᠪᠤᠳᠠᠳᠠᠢ ᠦᠷ᠎ᠠ ᠪᠦᠳᠦᠮᠵᠢ ᠶᠢ ᠳᠡᠭᠡᠭᠰᠢᠯᠡᠬᠦᠯᠬᠦ ᠭᠡᠷᠡᠭᠲᠡᠢ᠃ ᠪᠦᠬᠦ ᠨᠠᠮ ᠢᠶᠠᠷ ᠢᠶᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠭᠰᠠᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠢᠯᠠᠯᠳᠠ ᠶᠢᠨ ᠡᠷᠴᠢᠨ ᠳᠡᠭᠡᠷ᠎ᠠ ᠪᠠᠨ ᠤᠷᠤᠬᠰᠢᠯᠠᠨ᠂ ᠦᠷᠬᠦᠯᠵᠢᠯᠡᠨ ᠲᠡᠮᠡᠴᠡᠵᠦ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠲᠦᠷᠭᠡᠳᠭᠡᠨ ᠠᠬᠢᠭᠤᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
      ᠪᠦᠬᠦ ᠤᠯᠤᠰ ᠤᠨ ᠵᠡᠬᠦᠨ ᠪᠠᠷᠠᠭᠤᠨ ᠤᠷᠤᠨ ᠤ ᠬᠠᠮᠵᠢᠯᠴᠠᠭ᠎ᠠ ᠪᠠ ᠲᠦᠪ ᠤᠨ ᠨᠢᠭᠡᠴᠢ ᠶᠢᠨ ᠴᠡᠭ ᠲᠤᠭᠳᠠᠭᠠᠨ ᠬᠠᠪᠰᠤᠷᠤᠨ ᠳᠡᠳᠬᠦᠬᠦ ᠠᠵᠢᠯ ᠢ ᠠᠬᠢᠭᠤᠯᠬᠤ ᠬᠤᠷᠠᠯ 8 ᠤ ᠡᠳᠦᠷ ᠨᠢᠩᠰᠢᠶᠠ ᠶᠢᠨ ᠢᠷᠭᠠᠢ ᠳᠤ ᠬᠤᠷᠠᠯᠳᠤᠪᠠ᠃ ᠬᠤᠷᠠᠯ ᠳᠡᠭᠡᠷ᠎ᠠ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠵᠠᠢ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠭᠡᠢ ᠰᠠᠶᠢᠳ ᠬᠤ᠋ ᠴᠦᠨ ᠬᠤᠸᠠ ᠬᠤᠷᠠᠯ ᠳᠤ ᠤᠷᠤᠯᠴᠠᠭᠰᠠᠨ ᠪᠦᠬᠡᠳ ᠶᠠᠷᠢᠶ᠎ᠠ ᠲᠠᠯᠪᠢᠪᠠ᠃ ᠲᠡᠷᠡ᠂ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠦᠭᠵᠢᠯᠳᠠ ᠶᠢᠨ ᠱᠠᠳᠤᠨ ᠳᠤ ᠵᠡᠬᠦᠨ ᠪᠠᠷᠠᠭᠤᠨ ᠤᠷᠤᠨ ᠤ ᠬᠠᠮᠵᠢᠯᠴᠠᠭ᠎ᠠ ᠪᠠ ᠴᠡᠭ ᠲᠤᠬᠳᠠᠭᠠᠨ ᠬᠠᠪᠰᠤᠷᠤᠨ ᠲᠡᠳᠬᠦᠬᠦ ᠠᠵᠢᠯ ᠢ ᠪᠠᠷᠢᠮᠳᠠᠯᠠᠨ ᠲᠡᠬᠦᠯᠳᠡᠷᠵᠢᠬᠦᠯᠬᠦ ᠶᠢᠨ ᠴᠢᠬᠤᠯᠠ ᠶᠡᠭᠡ ᠠᠴᠢ ᠬᠤᠯᠪᠤᠬᠳᠠᠯ ᠢ ᠬᠦᠨᠵᠡᠭᠡᠢ ᠲᠠᠨᠢᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠬᠦ ᠲᠠᠯ᠎ᠡ ᠪᠠᠷ ᠠᠬᠢᠭᠤᠯᠬᠤ ᠭᠡᠷᠡᠭᠳᠠᠢ᠃ ᠵᠡᠬᠦᠨ ᠪᠠᠷᠠᠭᠤᠨ ᠤᠷᠤᠨ ᠤ ᠬᠠᠮᠵᠢᠯᠴᠠᠭ᠎ᠠ ᠪᠠᠶᠢᠭᠤᠯᠤᠨ ᠬᠠᠮᠵᠢᠯᠴᠠᠬᠤ ᠬᠠᠷᠢᠴᠠᠭ᠎ᠠ ᠶᠢ ᠱᠠᠯᠠᠪᠳᠠᠨ ᠲᠤᠬᠢᠷᠠᠭᠤᠯᠵᠤ᠂ ᠬᠠᠪᠰᠤᠷᠤᠨ ᠲᠡᠳᠬᠦᠬᠦ ᠠᠵᠢᠯ ᠪᠠ ᠺᠠᠳ᠋ᠷ ᠤᠨ ᠡᠩᠨᠡᠭᠡᠨ ᠤ ᠯᠠᠪᠳᠠᠭᠤᠨ ᠢᠶᠠᠷ ᠰᠢᠯᠵᠢᠬᠦ ᠶᠢ ᠦᠨᠡᠨ ᠬᠦ ᠪᠠᠳᠤᠯᠠᠬᠤ ᠭᠡᠷᠡᠭᠳᠠᠢ᠃ ᠬᠠᠮᠵᠢᠯᠴᠠᠵᠤ ᠬᠠᠪᠰᠤᠷᠤᠨ ᠲᠡᠳᠬᠦᠬᠦ ᠠᠷᠭ᠎ᠠ ᠬᠡᠯᠪᠡᠷᠢ ᠶᠢ ᠱᠠᠯᠠᠪᠳᠠᠨ ᠰᠦᠪᠡᠭᠴᠢᠯᠡᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠳᠦᠭᠡᠯ ᠢ ᠪᠠᠬᠢᠵᠢᠬᠦᠯᠤᠨ ᠦᠷᠭᠡᠳᠭᠡᠵᠤ᠂ ᠠᠵᠤ ᠦᠢᠯᠡᠰ ᠤᠨ ᠰᠢᠯᠵᠢᠯᠳᠠ ᠶᠢ ᠠᠬᠢᠭᠤᠯᠤᠨ᠂ ᠵᠠᠬ᠎ᠠ ᠲᠡᠯᠭᠡᠬᠦᠷ ᠤᠨ ᠬᠠᠮᠳᠤᠷᠠᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠠᠵᠢᠯ ᠦᠢᠯᠡᠰ ᠤᠨ ᠬᠦᠭᠵᠢᠯᠳᠠ ᠶᠢᠨ ᠲᠦᠪᠰᠢᠨ ᠢ ᠲᠡᠭᠡᠭᠰᠢᠯᠡᠬᠦᠯᠵᠤ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠠ ᠶᠢ ᠠᠬᠢᠭᠤᠯᠬᠤ ᠭᠡᠷᠡᠭᠳᠠᠢ᠃ ᠲᠦᠪ ᠤᠨ ᠨᠢᠭᠡᠴᠢ ᠶᠢᠨ ᠬᠢᠨ ᠺᠠᠳ᠋ᠷ ᠰᠤᠩᠭᠤᠨ ᠲᠤᠮᠢᠯᠠᠬᠤ᠂ ᠪᠡᠯᠡ ᠮᠦᠡᠭᠭᠦ ᠪᠠᠷ ᠳᠡᠮᠵᠢᠬᠦ᠂ ᠠᠵᠤ ᠦᠢᠯᠡᠰ ᠤᠨ ᠠᠵᠢᠯ ᠤᠯᠭᠤᠯᠳᠠ ᠪᠠᠷ ᠬᠠᠪᠰᠤᠷᠤᠨ ᠲᠡᠳᠬᠦᠬᠦ ᠵᠡᠷᠭᠡ ᠠᠵᠢᠯ ᠢ ᠦᠷᠬᠦᠯᠵᠢᠯᠡᠨ ᠰᠠᠶᠢᠳᠤᠷ ᠬᠢᠵᠤ᠂ ᠴᠡᠭ ᠲᠤᠬᠳᠠᠭᠠᠨ ᠬᠠᠪᠰᠤᠷᠤᠨ ᠲᠡᠳᠬᠦᠬᠦ ᠰᠢᠶᠠᠨ ᠢᠶᠠᠨ ᠬᠦᠴᠦᠯᠡᠨ ᠲᠠᠮᠵᠢᠵᠤ ᠪᠠᠶᠢᠭᠠᠳ ᠬᠦᠭᠵᠢᠯᠳᠠ ᠶᠢ ᠨᠢ ᠲᠦᠷᠭᠡᠳᠭᠡᠬᠦ ᠭᠡᠷᠡᠭᠳᠠᠢ ᠭᠡᠵᠤ ᠴᠢᠬᠤᠯᠠᠴᠢᠯᠠᠪᠠ᠃
      ᠬᠤᠷᠠᠯ ᠲᠡᠭᠡᠷ᠎ᠡ ᠵᠡᠬᠦᠨ ᠪᠠᠷᠠᠭᠤᠨ ᠤᠷᠤᠨ ᠤ ᠬᠠᠮᠵᠢᠯᠴᠠᠭᠠᠨ ᠤ ᠭᠠᠷ ᠤᠨ ᠦᠰᠦᠭ ᠵᠢᠷᠤᠬᠤ ᠶᠤᠰᠤᠯᠠᠯ ᠶᠠᠪᠤᠭᠤᠯᠵᠤ᠂ ᠵᠠᠬᠦᠨ ᠪᠠᠷᠠᠭᠤᠨ ᠤᠷᠤᠨ ᠤ ᠬᠠᠮᠵᠢᠯᠴᠠᠭᠠᠨ ᠤ ᠠᠵᠢᠯ ᠤᠨ ᠬᠤᠯᠪᠤᠬᠳᠠᠯ ᠪᠦᠬᠦᠢ ᠪᠠᠶᠢᠳᠠᠯ ᠢ ᠵᠠᠷᠯᠡᠨ ᠮᠡᠳᠡᠭᠳᠡᠪᠡ᠃ ᠨᠢᠩᠰᠢᠶᠠ᠂ ᠪᠡᠭᠡᠵᠢᠩ᠂ ᠵᠢᠶᠠᠩᠰᠤ᠂ ᠹᠦᠵᠢᠶᠠᠨ᠂ ᠭᠤᠸᠠᠩᠳᠦ᠋ᠩ᠂ ᠬᠦᠢᠵᠸᠤ᠂ ᠭᠠᠨᠰᠤ ᠵᠡᠷᠬᠡ ᠭᠠᠵᠠᠷ ᠤᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠬᠤᠷᠠᠯ ᠲᠡᠭᠡᠷ᠎ᠡ ᠦᠭᠡ ᠬᠡᠯᠡᠵᠠᠢ᠃
      ᠵᠡᠬᠦᠨ ᠪᠠᠷᠠᠭᠤᠨ ᠤᠷᠤᠨ ᠤ ᠬᠠᠮᠵᠢᠯᠴᠠᠵᠤ ᠬᠠᠪᠰᠤᠷᠤᠨ ᠲᠡᠳᠬᠦᠬᠦ ᠡᠬᠦᠷᠭᠡ ᠶᠢ ᠳᠠᠭᠠᠭᠠᠴᠢᠯᠠᠵᠦ ᠪᠠᠶᠢᠭ᠎ᠠ ᠬᠤᠯᠪᠤᠬᠳᠠᠯ ᠪᠦᠬᠦᠢ ᠮᠤᠵᠢ ᠦᠪᠡᠷᠳᠡᠭᠡᠨ ᠵᠠᠰᠬᠠᠤ ᠤᠷᠤᠨ ᠬᠤᠳᠠ᠂ ᠲᠦᠪ ᠤᠨ ᠨᠢᠭᠡᠴᠢ ᠶᠢᠨ ᠴᠡᠭ ᠲᠤᠬᠳᠠᠭᠠᠨ ᠬᠠᠪᠰᠤᠷᠤᠨ ᠲᠡᠳᠬᠦᠬᠦ ᠲᠠᠭᠠᠭᠤᠯᠤᠬᠴᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ᠂ ᠲᠦᠪ ᠤᠨ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠡᠨ ᠭᠡᠷ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ᠂ ᠤᠯᠤᠰ ᠤᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠤᠪᠴᠢᠶᠠᠨ ᠤ ᠭᠤᠤᠯ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠭᠰᠠᠨ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ