︽5.1︾ ᠤ ᠠᠮᠠᠷᠠᠯᠲᠠ ᠶᠢᠨ ᠬᠤᠭᠤᠴᠠᠭᠠᠨ ᠳᠤ ᠤᠷᠳᠤᠰ ᠤᠨ ᠡᠵᠡᠨ ᠬᠤᠷᠤᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠠᠶᠠᠨᠴᠢᠳ ᠢ 4.2 ᠲᠦᠮᠡᠨ ᠬᠥᠮᠦᠨ ᠤᠳᠠᠭ᠎ᠠ ᠲᠡᠭᠡᠭᠡᠪᠦᠷᠢᠯᠡᠨ ᠬᠦᠷᠭᠡᠪᠡ
ᠨᠡᠶᠢᠲᠡᠯᠡᠭᠰᠡᠨ ᠴᠠᠭ᠄
2021/5/10

      ᠪᠦᠷᠢᠳᠬᠡᠯ ᠢ ᠦᠨᠳᠦᠰᠦᠯᠡᠪᠡᠯ᠂ 2021 ᠣᠨ ᠤ ︽5.1︾ ᠤ ᠠᠮᠠᠷᠠᠯᠲᠠ ᠶᠢᠨ ᠬᠤᠭᠤᠴᠠᠭᠠᠨ ᠳᠤ᠂ ᠤᠷᠳᠤᠰ ᠤᠨ ᠡᠵᠡᠨ ᠬᠤᠷᠤᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠠᠶᠠᠨᠴᠢᠳ ᠢ ᠨᠡᠶᠢᠳᠡ 4.2 ᠲᠦᠮᠡᠨ ᠬᠥᠮᠦᠨ ᠤᠳᠠᠭ᠎ᠠ ᠤᠭᠲᠤᠨ ᠬᠦᠷᠭᠡᠵᠦ᠂ ᠲᠡᠭᠡᠭᠡᠪᠦᠷᠢ ᠶᠢ ᠪᠠᠲᠤᠯᠠᠬᠤ 350 ᠰᠠᠤᠷᠢ ᠤᠳᠠᠭ᠎ᠠ ᠶᠢᠨ ᠨᠢᠰᠦᠯᠲᠡ ᠬᠢᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠵᠡᠢ᠃
     ᠣᠶᠢᠯᠠᠭᠠᠭᠰᠠᠨ ᠢᠶᠠᠷ᠂ ᠡᠨᠡ ᠵᠢᠯ ᠤᠨ ︽5.1︾ ᠤ ᠠᠮᠠᠷᠠᠯᠲᠠ ᠶᠢᠨ ᠬᠤᠭᠤᠴᠠᠭᠠᠨ ᠳᠤ᠂ ᠬᠤᠲᠠ ᠶᠢᠨ ᠠᠷᠠᠳ ᠤᠨ ᠵᠤᠭᠠᠴᠠᠯ ᠤᠨ ᠤᠷᠮ᠎ᠠ ᠬᠦᠰᠡᠯ ᠨᠡᠮᠡᠭᠳᠡᠵᠦ᠂ ᠤᠷᠳᠤᠰ ᠬᠤᠲᠠ ᠶᠢᠨ ᠡᠵᠡᠨ ᠬᠤᠷᠤᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠠᠶᠠᠨᠴᠢᠳ ᠨᠢ ᠭᠤᠤᠯᠳᠠᠭᠤ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠪᠠ ᠲᠣᠭᠤᠷᠢᠨ ᠵᠤᠭᠠᠴᠠᠬᠤ ᠪᠠᠷ ᠭᠤᠣᠯᠯᠠᠪᠠ᠂ ᠡᠭᠦᠨ ᠳᠤ ᠣᠷᠳᠣᠰ ᠠᠴᠠ ᠪᠡᠭᠡᠵᠢᠩ᠂ ᠰᠢ ᠠᠨ᠂ ᠴᠧᠩᠳᠦ᠋᠂ ᠨᠠᠨᠵᠢᠩ᠂ ᠵᠧᠩᠵᠧᠤ᠂ ᠺᠦᠨᠮᠢᠩ᠂ ᠱᠠᠩᠬᠠᠶ᠂ ᠴᠠᠩᠱᠠ ᠵᠡᠷᠭᠡ ᠭᠠᠵᠠᠷ ᠲᠤ ᠬᠦᠷᠬᠦ ᠪᠣᠯ ᠲᠣᠰ ᠤᠳᠠᠭᠠᠨ ᠤ ᠠᠮᠠᠷᠠᠯᠲᠠ ᠶᠢᠨ ᠭᠤᠣᠯ ᠬᠠᠷᠠᠯᠲᠠ ᠶᠢᠨ ᠬᠤᠲᠠ ᠪᠣᠯᠤᠨ᠎ᠠ᠃ ᠴᠠᠭ ᠤᠨ ᠲᠠᠯ᠎ᠠ ᠠᠴᠠ ᠠᠪᠴᠤ ᠦᠵᠡᠪᠡᠯ᠂ 4 ᠳ᠋ᠦ᠋ᠭᠡᠷ ᠰᠠᠷ᠎ᠠ ᠶᠢᠨ 30 ᠤ ᠡᠳᠦᠷ ᠪᠣᠯ ᠪᠠᠶᠠᠷ ᠤᠨ ᠡᠳᠦᠷ ᠠᠴᠠ ᠡᠮᠦᠨᠡᠬᠢ ᠠᠶᠠᠯᠠᠯ ᠤᠨ ᠣᠷᠭᠢᠯ ᠪᠠᠶᠢᠵᠤ᠂ ᠨᠢᠭᠡ ᠡᠳᠦᠷ ᠤᠨ ᠡᠭᠡᠯᠵᠢ ᠶᠢᠨ ᠨᠢᠰᠬᠡᠯ ᠤᠨ ᠲᠤᠭ᠎ᠠ 80 ᠰᠠᠤᠷᠢ ᠤᠳᠠᠭ᠎ᠠ᠂ ᠲᠡᠭᠡᠭᠡᠪᠦᠷᠢᠯᠡᠭᠰᠡᠨ ᠠᠶᠠᠨᠴᠢᠳ ᠤᠨ ᠲᠤᠭ᠎ᠠ 1.1 ᠲᠦᠮᠡᠨ ᠬᠥᠮᠦᠨ ᠤᠳᠠᠭ᠎ᠠ ᠳᠤ ᠬᠦᠷᠴᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 36% ᠪᠠᠷ ᠨᠡᠮᠡᠭᠳᠡᠨ᠂ ᠨᠢᠭᠡ ᠡᠳᠦᠷ ᠤᠨ ᠠᠶᠠᠨᠴᠢᠳ ᠤᠨ ᠲᠤᠭ᠎ᠠ 2021 ᠣᠨ ᠤ ᠲᠡᠤᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠴᠦ᠂ ᠪᠤᠴᠠᠬᠤ ᠠᠶᠠᠯᠠᠯ ᠤᠨ ᠣᠷᠭᠢᠯ ᠨᠢ 5 ᠳ᠋ᠤᠭᠠᠷ ᠰᠠᠷ᠎ᠠ ᠶᠢᠨ 5 ᠤ ᠡᠳᠦᠷ ᠲᠤ ᠲᠥᠪᠯᠡᠷᠡᠵᠦ᠂ ᠲᠡᠭᠡᠭᠡᠪᠦᠷᠢ ᠶᠢᠨ ᠨᠢᠰᠭᠡᠯ ᠤᠨ ᠨᠢᠰᠴᠦ ᠪᠠᠭᠤᠭᠰᠠᠨ ᠲᠤᠭ᠎ᠠ ᠨᠢ 80 ᠤᠳᠠᠭ᠎ᠠ ᠳᠤ ᠬᠦᠷᠴᠦ᠂ ᠲᠡᠭᠡᠭᠡᠪᠦᠷᠢᠯᠡᠭᠰᠡᠨ ᠠᠶᠠᠨᠴᠢᠳ ᠤᠨ ᠲᠤᠭ᠎ᠠ 0.97 ᠲᠦᠮᠡᠨ ᠬᠥᠮᠦᠨ ᠤᠳᠠᠭ᠎ᠠ ᠳᠤ ᠬᠦᠷᠴᠡᠶ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ