ᠪᠦᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠵᠤ ᠯᠢ ᠪᠢᠩ ᠷᠦᠩ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/5/10

      5 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠵᠤ᠂ ᠡᠮᠦᠨ᠎ᠡ ᠨᠢᠭᠡ ᠬᠤᠭᠤᠴᠠᠭᠠᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠳ᠋ᠦᠩᠨᠡᠵᠦ᠂ ᠳᠠᠷᠠᠭ᠎ᠠ ᠠᠯᠬᠤᠮ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠯᠢ ᠪᠢᠩ ᠷᠦᠩ ᠬᠤᠷᠠᠯ ᠳᠤ ᠣᠷᠣᠯᠴᠠᠵᠤ ᠶᠠᠷᠢᠶ᠎ᠠ   ᠲᠠᠯᠪᠢᠪᠠ᠃
      ᠯᠢ ᠪᠢᠩ ᠷᠦᠩ ᠵᠢᠭᠠᠬᠤ ᠳᠤ ᠪᠠᠨ ᠥᠩᠭᠡᠷᠡᠭᠰᠡᠨ ᠨᠢᠭᠡ ᠵᠢᠯ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠣᠬᠢᠴᠠᠭᠤᠯᠵᠤ ᠪᠠᠶᠢᠭᠠᠳ ᠬᠠᠮᠲᠤᠷᠠᠨ ᠬᠥᠳᠡᠯᠦᠯᠴᠡᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠭᠠᠩ ᠬᠠᠭᠰᠠᠷᠭᠠᠨ᠂ ᠦᠶᠡᠷ ᠤᠰᠤᠲᠤᠯ᠂ ᠠᠶᠤᠩᠭ᠎ᠠ ᠴᠠᠬᠢᠯᠭᠠᠨ᠂ ᠮᠥᠨᠳᠥᠷ᠂ ᠬᠦᠢᠳᠡᠨ ᠤᠷᠤᠰᠬᠠᠯ᠂ ᠬᠢᠷᠠᠭᠤ ᠬᠥᠯᠳᠡᠭᠦᠦ᠂ ᠤᠢ ᠰᠢᠭᠤᠶ ᠨᠤᠲᠤᠭ ᠪᠡᠯᠴᠢᠭᠡᠷ ᠤᠨ ᠲᠦᠢᠮᠡᠷ ᠵᠡᠷᠭᠡ ᠴᠠᠭ ᠠᠭᠤᠷ ᠪᠣᠯᠤᠨ ᠡᠭᠦᠰᠦᠮᠡᠯ ᠭᠠᠮᠰᠢᠭ ᠤᠨ ᠰᠢᠯᠭᠠᠯᠲᠠ ᠶᠢ ᠠᠮᠵᠢᠯᠲᠠ ᠲᠠᠢ ᠠᠷᠭᠠᠴᠠᠭᠠᠵᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠨ ᠮᠠᠯᠴᠢᠨ ᠤ ᠣᠷᠣᠯᠭ᠎ᠠ ᠶᠢ ᠨᠡᠮᠡᠭᠳᠡᠭᠦᠯᠬᠦ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠭᠡᠵᠡᠢ᠃ ᠯᠢ ᠪᠢᠩ ᠷᠦᠩ ᠪᠠᠰᠠ ᠡᠨᠡ ᠵᠢᠯ ᠤᠨ ᠴᠠᠭ ᠠᠭᠤᠷ ᠤᠨ ᠭᠠᠮᠰᠢᠭ ᠤᠨ ᠰᠡᠷᠭᠡᠶᠢᠯᠡᠯᠲᠡ ᠶᠢᠨ ᠶᠡᠷᠦᠩᠬᠡᠶ ᠪᠠᠶᠢᠳᠠᠯ ᠮᠥᠨ ᠬᠦ ᠪᠤᠳᠤᠯᠢᠶᠠᠨᠲᠠᠶ ᠪᠠᠶᠢᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠦᠵᠡᠯᠲᠡ ᠪᠠ ᠵᠣᠪᠠᠨᠢᠬᠤᠢ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠠᠭ ᠠᠭᠤᠷ ᠤᠨ ᠭᠠᠮᠰᠢᠭ ᠢ ᠤᠷᠢᠳᠴᠢᠯᠠᠨ ᠵᠢᠱᠢᠬᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠴᠢᠩᠭᠠᠷᠠᠭᠤᠯᠤᠨ᠂ ᠭᠠᠮᠰᠢᠭᠲᠤ ᠴᠠᠭ ᠠᠭᠤᠷ᠂ ᠬᠦᠨᠳᠦ ᠶᠡᠭᠡ ᠡᠪᠡᠳᠴᠢᠨ ᠬᠤᠷᠣᠬᠠᠶ ᠶᠢᠨ ᠭᠠᠮᠰᠢᠭ᠂ ᠴᠢᠭᠢᠭ ᠤᠨ ᠪᠠᠶᠢᠳᠠᠯ ᠢ ᠬᠢᠨᠠᠨ ᠰᠢᠨᠵᠢᠯᠡᠬᠦ ᠵᠡᠷᠭᠡ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ᠂ ᠬᠤᠲᠠ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠭᠤᠤᠯᠳᠠᠯᠭ᠎ᠠ ᠲᠠᠢ ᠣᠷᠣᠨ ᠪᠦᠰᠡ ᠶᠢᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠢ ᠴᠢᠩᠭᠠᠳᠬᠠᠨ᠂ ᠪᠥᠬᠦ ᠵᠢᠯ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠪᠥᠬᠦ ᠲᠠᠯ᠎ᠠ ᠪᠠᠷ ᠢᠯᠠᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ