ᠪᠥᠬᠦ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/5/10

      5 ᠳ᠋ᠤᠭᠠᠷ ᠰᠠᠷ᠎ᠠ ᠶᠢᠨ 7 ᠤ ᠡᠳᠦᠷ᠂ ᠪᠥᠬᠦ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠣᠷᠣᠨ ᠤ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯ ᠤᠨ ᠠᠵᠢᠯ ᠪᠠ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠪᠠᠶᠢᠷᠢᠯᠠᠭᠤᠯᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠢ ᠢᠦᠢ ᠭᠠᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠬᠤᠷᠠᠯ ᠢ ᠡᠷᠬᠢᠯᠡᠪᠡ᠃
      ᠬᠤᠷᠠᠯ ᠠᠴᠠ ᠵᠢᠭᠠᠭᠰᠠᠨ ᠨᠢ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠦᠨᠳᠦᠷᠵᠢᠭᠦᠯᠵᠦ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠰᠢᠰᠲ᠋ᠧᠮ ᠲᠠᠢ ᠲᠥᠯᠥᠪᠵᠢᠭᠦᠯᠬᠦ ᠶᠢ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠢᠨ᠎ᠡ ᠴᠠᠭ ᠦᠶ᠎ᠡ ᠶᠢᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠪᠣᠯᠤᠨ ᠰᠤᠳᠤᠯᠤᠨ ᠲᠠᠶᠢᠯᠪᠤᠷᠢᠯᠠᠵᠤ ᠠᠰᠢᠭᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠨᠢᠭᠲᠠ ᠤᠶᠠᠯᠳᠤᠭᠤᠯᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠥᠮᠦᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠥᠷᠭᠡᠨ ᠤᠯᠠᠨ ᠺᠠᠳ᠋ᠷ ᠤᠯᠠᠨ ᠲᠦᠮᠡᠨ ᠤ ᠬᠤᠪᠢᠰᠬᠠᠯ ᠤᠨ ᠭᠧᠨ ᠢ ᠤᠳᠤᠮᠯᠠᠨ ᠵᠠᠯᠭᠠᠮᠵᠢᠯᠠᠬᠤ ᠶᠢ ᠨᠡᠩ ᠰᠠᠶᠢᠲᠤᠷ ᠠᠬᠢᠭᠤᠯᠵᠤ᠂ ᠢᠲᠡᠭᠡᠯ ᠪᠢᠰᠢᠷᠡᠯ ᠡᠷᠴᠢ ᠵᠣᠷᠢᠭ ᠢ ᠨᠢ ᠬᠥᠪᠴᠢᠯᠡᠨ᠂ ᠤᠶᠤᠨ ᠰᠠᠨᠠᠭᠠᠨ ᠤ ᠬᠦᠴᠦᠨ ᠢ ᠨᠢ ᠨᠢᠭᠲᠠᠷᠠᠭᠤᠯᠬᠤ ᠬᠡᠷᠡᠭᠲᠡᠢ ᠭᠡᠪᠡ᠃
      ᠬᠤᠷᠠᠯ ᠠᠴᠠ ᠱᠠᠭᠠᠷᠳᠠᠭᠰᠠᠨ ᠨᠢ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠬᠠᠭᠤᠴᠢ ᠰᠤᠳᠤᠯᠤᠯ ᠢ ᠠᠭᠤᠳᠠᠯᠬᠤ᠂ ᠰᠤᠳᠤᠯᠤᠨ ᠤᠬᠠᠭᠤᠯᠬᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ᠂ ᠥᠪᠡᠷᠮᠢᠴᠡ ᠤᠨᠴᠠᠯᠢᠬᠳᠤ ᠮᠦᠽᠧᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠵᠡᠷᠭᠡ ᠠᠵᠢᠯ ᠤᠨ ᠡᠷᠴᠢᠮ ᠢ ᠴᠢᠨᠠᠭᠰᠢᠳᠠ ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠪᠣᠳᠠᠲᠤ ᠭᠡᠷᠡᠴᠢ ᠶᠢ ᠭᠦᠢᠴᠡᠳ ᠢᠯᠡᠷᠡᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠵᠥᠪ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠲᠥᠷᠥ ᠶᠢᠨ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤᠳᠬᠠᠬᠤ ᠬᠡᠷᠡᠭᠲᠡᠢ ᠭᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ