ᠯᠢ ᠺᠧ ᠴᠢᠶᠠᠩ ᠵᠠᠰᠠᠭ ᠤᠨ ᠣᠷᠳᠣᠨ ᠤ ᠣᠨᠴᠠᠭᠠᠢ ᠨᠡᠮᠡᠯᠭᠡ ᠶᠢᠨ ᠲᠦᠷᠢᠮ ᠤᠨ ᠳᠡᠭᠡᠳᠦ ᠳᠡᠰ ᠳᠠᠪᠬᠤᠷᠭ᠎ᠠ ᠶᠢᠨ ᠪᠠ ᠳᠡᠭᠡᠳᠦ ᠮᠡᠷᠭᠡᠵᠢᠯ ᠴᠢᠳᠠᠪᠤᠷᠢ ᠶᠢᠨ | ᠴᠢᠳᠠᠪᠤᠷᠢᠲᠠᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠤ ᠪᠠᠨ ᠴᠢᠬᠤᠯᠠᠴᠢᠯᠠᠭᠰᠠᠨ ᠨᠢ | ᠰᠢᠨᠵᠢᠯᠡᠬᠦ ᠤᠬᠠᠭᠠᠨ ᠢ ᠬᠦᠨᠳᠦᠳᠬᠡᠬᠦ ᠮᠡᠳᠡᠯᠭᠡ ᠶᠢ ᠬᠦᠨᠳᠦᠳᠬᠡᠬᠦ ᠴᠢᠳᠠᠪᠤᠷᠢᠲᠠᠨ ᠢ ᠬᠦᠨᠳᠦᠳᠬᠡᠬᠦ ᠨᠡᠶᠢᠭᠡᠮ ᠤᠨ ᠠᠭᠤᠷ ᠠᠮᠢᠰᠬᠤᠯ ᠢ ᠦᠷᠭᠦᠯᠵᠢᠯᠡᠨ ᠪᠤᠢ | ᠪᠣᠯᠭᠠᠬᠤ ᠬᠡᠷᠡᠭᠲᠡᠢ | ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠤᠷᠮᠠᠰᠢᠭᠤᠯᠵᠤ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠳᠠᠪᠰᠢᠯᠲᠠ ᠶᠢ ᠠᠬᠢᠭᠤᠯᠬᠤ ᠬᠡᠷᠡᠭᠲᠡᠢ | ᠬᠠᠨ ᠵᠧᠩ ᠬᠤᠷᠠᠯ ᠳᠤ ᠣᠷᠣᠯᠴᠠᠵᠠᠢ | | | 5 ᠳ᠋ᠤᠭᠠᠷ ᠰᠠᠷ᠎ᠠ ᠶᠢᠨ 11 ᠤ ᠡᠳᠦᠷ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠣᠨᠴᠠᠭᠠᠢ ᠨᠡᠮᠡᠯᠭᠡ ᠶᠢᠨ ᠳᠥᠷᠢᠮ ᠤᠨ ᠳᠡᠭᠡᠳᠦ ᠳᠡᠰ ᠳᠠᠪᠬᠤᠷᠭ᠎ᠠ ᠶᠢᠨ ᠪᠠ | ᠳᠡᠭᠡᠳᠦ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ | ᠰᠠᠶᠢᠳ ᠬᠠᠨ ᠵᠧᠩ ᠬᠤᠷᠠᠯ ᠳᠤ ᠣᠷᠣᠯᠴᠠᠪᠠ᠃ | | | | | | ᠬᠤᠷᠠᠯ ᠳᠡᠭᠡᠷ᠎ᠡ᠂ ᠵᠠᠩ ᠵᠢᠶ ᠫᠢᠩ᠂ ᠪᠦ᠋ ᠰᠢᠶᠠᠨ ᠴᠢᠶᠦ᠋ᠨ᠂ ᠦ᠋ ᠴᠧᠨ᠂ ᠸᠠᠩ ᠴᠥᠩ᠂ ᠯᠢ ᠫᠧᠶ ᠵᠡᠷᠭᠡ ᠵᠠᠰᠠᠭ ᠤᠨ ᠣᠷᠳᠣᠨ ᠤ ᠣᠨᠴᠠᠭᠠᠢ ᠨᠡᠮᠡᠯᠭᠡ ᠶᠢ | ᠬᠦᠷᠲᠡᠭᠰᠡᠨ ᠳᠡᠭᠡᠳᠦ ᠲᠠᠰ ᠳᠠᠪᠬᠤᠷᠭ᠎ᠠ ᠶᠢᠨ ᠲᠤᠰᠬᠠᠶ ᠮᠡᠷᠭᠡᠵᠢᠯᠲᠡᠨ᠂ ᠳᠡᠭᠡᠳᠦ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠲᠥᠯᠥᠭᠡᠯᠡᠭᠴᠢᠳ ᠦᠭᠡ ᠬᠡᠯᠡᠭᠰᠡᠨ | ᠪᠥᠭᠡᠳ ᠣᠨᠴᠠᠭᠠᠢ ᠨᠡᠮᠡᠯᠭᠡ ᠶᠢᠨ ᠲᠦᠷᠢᠮ ᠢ ᠲᠡᠭᠦᠯᠳᠡᠷᠵᠢᠭᠦᠯᠬᠦ᠂ ᠰᠠᠭᠤᠷᠢ ᠰᠤᠳᠤᠯᠭᠠᠨ ᠢ ᠴᠢᠩᠭᠠᠳᠬᠠᠬᠤ᠂ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠪᠠ ᠵᠠᠯᠠᠭᠤ | ᠴᠢᠳᠠᠪᠤᠷᠢᠲᠠᠨ ᠢ ᠳᠡᠮᠵᠢᠬᠦ ᠳᠡᠮᠵᠢᠯᠭᠡ ᠶᠢ ᠴᠢᠩᠭᠠᠷᠠᠭᠤᠯᠬᠤ᠂ ᠣᠯᠠᠨ ᠤᠯᠤᠰ ᠤᠨ ᠰᠣᠯᠢᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠭᠤᠯᠭ᠎ᠠ ᠳᠤᠷᠠᠳᠪᠠ᠃ | ᠯᠢ ᠺᠧ ᠴᠢᠶᠠᠩ ᠤᠯᠠᠨ ᠲᠠᠢ ᠰᠠᠨᠠᠯ ᠢᠶᠠᠨ ᠰᠣᠯᠢᠯᠴᠠᠵᠤ᠂ ᠣᠨᠴᠠᠭᠠᠢ ᠨᠡᠮᠡᠯᠭᠡ ᠶᠢ ᠬᠦᠷᠲᠡᠭᠰᠡᠨ ᠥᠷᠭᠡᠨ ᠤᠯᠠᠨ ᠴᠢᠳᠠᠪᠤᠷᠢᠲᠠᠨ ᠤ ᠰᠢᠨ᠎ᠡ ᠶᠢ ᠡᠭᠦᠳᠬᠦ ᠳᠤ | ᠪᠣᠳᠠᠲᠠᠢ ᠶᠢ ᠡᠷᠬᠢᠮᠯᠡᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠳᠤᠮᠳᠠᠳᠤ ᠶᠢᠨ ᠰᠢᠯᠢᠳᠡᠭ ᠰᠣᠶᠣᠯ ᠢ ᠪᠠᠳᠠᠷᠠᠭᠤᠯᠬᠤ ᠵᠡᠷᠭᠡ ᠳᠤ ᠦᠵᠡᠭᠦᠯᠦᠭᠰᠡᠨ | ᠬᠤᠪᠢ ᠨᠡᠮᠡᠷᠢ ᠶᠢ ᠭᠦᠢᠴᠡᠳ ᠨᠤᠲᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠴᠠ ᠤᠯᠠᠨ ᠤ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠬᠤ ᠬᠡᠷᠡᠭᠲᠡᠢ | ᠭᠡᠵᠦ ᠱᠠᠭᠠᠷᠳᠠᠪᠠ᠃ | | | | | | ᠯᠢ ᠺᠧ ᠴᠢᠶᠠᠩ ᠬᠡᠯᠡᠬᠦ ᠳᠤ ᠪᠠᠨ᠂ ᠵᠠᠰᠠᠭ ᠤᠨ ᠣᠷᠳᠣᠨ ᠤ ᠣᠨᠴᠠᠭᠠᠢ ᠨᠡᠮᠡᠯᠭᠡ ᠪᠣᠯ ᠨᠠᠮ ᠪᠠ ᠤᠯᠤᠰ ᠠᠴᠠ ᠴᠢᠳᠠᠪᠤᠷᠢᠲᠠᠨ ᠢ ᠬᠦᠨᠳᠦᠳᠬᠡᠬᠦ᠂ ᠬᠠᠯᠠᠮᠵᠢᠯᠠᠬᠤ᠂ | ᠳᠡᠮᠵᠢᠬᠦ ᠴᠢᠬᠤᠯᠠ ᠳᠦᠷᠢᠮ ᠤᠨ ᠲᠣᠬᠢᠷᠠᠭᠤᠯᠤᠯᠲᠠ ᠮᠥᠨ᠂ ᠲᠡᠭᠦᠨ ᠢ ᠬᠡᠷᠡᠭᠵᠢᠭᠦᠯᠦᠭᠰᠡᠨ 30 ᠵᠢᠯ ᠤᠨ ᠲᠤᠷᠰᠢ ᠢᠯᠡᠳᠲᠡ ᠠᠮᠵᠢᠯᠲᠠ ᠪᠦᠲᠦᠮᠵᠢ ᠣᠯᠵᠠᠶ᠃ ᠡᠨᠡ | ᠬᠦ ᠲᠦᠷᠢᠮ ᠨᠢ ᠡᠳ᠋ ᠪᠣᠳᠠᠰ ᠤᠨ ᠬᠥᠬᠢᠭᠦᠯᠦᠯ ᠢ ᠴᠢᠬᠤᠯᠠᠴᠢᠯᠠᠬᠤ ᠦᠭᠡᠢ ᠬᠠᠷᠢᠨ ᠢᠷᠠᠭᠤ ᠠᠯᠳᠠᠷ ᠤᠨ ᠤᠷᠮᠠᠰᠢᠭᠤᠯᠤᠯ ᠢ ᠴᠢᠩᠭᠠᠳᠬᠠᠵᠤ᠂ ᠥᠷᠭᠡᠨ ᠤᠯᠠᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠪᠠ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠤ ᠡᠷᠳᠡᠮ ᠴᠢᠳᠠᠪᠤᠷᠢ ᠪᠠᠨ ᠪᠠᠳᠠᠷᠠᠭᠤᠯᠵᠤ᠂ ᠤᠯᠤᠰ ᠤᠨ | ᠪᠦᠳᠦᠭᠡᠨ ᠪᠠᠶᠢᠭᠤᠯᠤᠯᠲᠠ ᠪᠠ ᠬᠥᠭᠵᠢᠯᠲᠡ ᠳᠤ ᠢᠳᠡᠪᠬᠢᠲᠡᠢ ᠣᠷᠣᠯᠴᠠᠬᠤ ᠶᠢ ᠬᠦᠴᠦᠲᠡᠢ ᠠᠬᠢᠭᠤᠯᠵᠠᠢ᠃ ᠰᠢᠨ᠎ᠡ ᠴᠠᠭ ᠤᠨ ᠪᠠᠶᠢᠳᠠᠯ ᠳᠣᠣᠷ᠎ᠠ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠴᠢᠳᠠᠪᠤᠷᠢᠲᠠᠨ ᠢ ᠤᠷᠮᠠᠰᠢᠭᠤᠯᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠤᠶᠤᠨ | ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠬᠡᠷᠡᠭᠲᠡᠢ ᠭᠡᠵᠡᠢ᠃ | | | | | | ᠯᠢ ᠺᠧ ᠴᠢᠶᠠᠩ ᠬᠡᠯᠡᠬᠦ ᠳᠤ ᠪᠠᠨ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠡᠷᠬᠡᠪᠰᠢ ᠴᠢᠳᠠᠪᠤᠷᠢᠲᠠᠨ ᠳᠤ | ᠲᠦᠰᠢᠭᠯᠡᠵᠦ᠂ ᠠᠵᠢᠯᠴᠢ ᠬᠥᠳᠡᠯᠮᠦᠷᠢᠴᠢ ᠤᠶᠤᠨ ᠤᠬᠠᠭᠠᠨ ᠲᠠᠢ ᠠᠷᠠᠳ ᠤᠯᠠᠨ ᠳᠤ ᠲᠦᠰᠢᠭᠯᠡᠬᠦ ᠬᠡᠷᠡᠭᠲᠡᠢ᠃ ᠳᠤᠮᠳᠠᠳᠤ ᠤᠯᠤᠰ ᠰᠢᠭ᠋ ᠡᠶᠢᠮᠦ 14 ᠳ᠋ᠦᠩᠰᠢᠭᠤᠷ | ᠬᠥᠮᠦᠨ ᠠᠮᠠ ᠲᠠᠢ ᠲᠤᠮᠤ ᠤᠯᠤᠰ ᠲᠤ ᠣᠳᠣᠬᠢᠴᠢᠯᠠᠯᠲᠠ ᠶᠢ ᠪᠡᠶᠡᠯᠡᠭᠦᠯᠬᠦ ᠶᠠᠪᠤᠳᠠᠯ ᠪᠣᠯ ᠬᠥᠮᠦᠨ ᠲᠥᠷᠥᠯᠬᠢᠲᠡᠨ ᠤ ᠲᠡᠦᠬᠡᠨ ᠳᠤ ᠭᠠᠷᠴᠤ ᠥᠩᠭᠡᠷᠡᠭᠡ ᠦᠭᠡᠢ ᠠᠭᠤᠤ | ᠦᠢᠯᠡᠰ ᠪᠠᠶᠢᠵᠤ᠂ ᠮᠠᠰᠢ ᠤᠯᠠᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠳᠤ ᠲᠤᠯᠭᠠᠷᠠᠬᠤ ᠪᠣᠯᠣᠨ᠎ᠠ᠃ ᠭᠡᠪᠡᠴᠦ ᠪᠢᠳᠡ ᠬᠥᠮᠦᠨ ᠤ ᠬᠦᠴᠦ ᠪᠠ ᠴᠢᠳᠠᠪᠤᠷᠢᠲᠠᠨ ᠤ | ᠡᠬᠢ ᠪᠠᠶᠠᠯᠢᠭ ᠤᠨ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠪᠠᠯ ᠣᠳᠣᠬᠢᠴᠢᠯᠠᠭᠰᠠᠨ ᠪᠦᠳᠦᠭᠡᠨ ᠪᠠᠶᠢᠭᠤᠯᠤᠯᠲᠠ ᠶᠢᠨ ᠬᠦᠴᠦᠷᠬᠡᠭ ᠶᠡᠭᠡ ᠬᠦᠴᠦᠨ ᠪᠤᠯᠵᠤ ᠴᠢᠳᠠᠨ᠎ᠠ᠃ | ᠰᠢᠨᠵᠢᠯᠡᠬᠦ ᠤᠬᠠᠭᠠᠨ ᠢ ᠬᠦᠨᠳᠦᠳᠬᠡᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠮᠡᠳᠡᠯᠭᠡ ᠶᠢ ᠬᠦᠨᠳᠦᠳᠬᠡᠵᠦ᠂ ᠤᠯᠠᠨ ᠤ ᠳᠠᠪᠠᠭᠤᠯᠢᠭ ᠢ ᠥᠷᠭᠡᠨ ᠢᠶᠠᠷ | ᠰᠢᠩᠭᠡᠭᠡᠨ ᠠᠪᠴᠤ᠂ ᠴᠢᠳᠠᠪᠤᠷᠢᠲᠠᠨ ᠢ ᠬᠠᠶᠢᠷᠠᠯᠠᠨ ᠬᠥᠨᠳᠦᠳᠬᠡᠵᠦ᠂ ᠨᠢᠭᠡ ᠯᠡ ᠬᠡᠪᠰᠢᠯ ᠳᠤ ᠪᠠᠷᠢᠭᠳᠠᠬᠤ ᠦᠭᠡᠢ ᠪᠠᠷ ᠴᠢᠳᠠᠪᠤᠷᠢᠲᠠᠨ ᠢ ᠰᠣᠩᠭᠤᠨ ᠬᠡᠷᠡᠭᠯᠡᠵᠦ᠂ | ᠡᠷᠳᠡᠮᠲᠡᠨ ᠴᠢᠳᠠᠪᠤᠷᠢᠲᠠᠨ ᠬᠤᠶᠢᠨ᠎ᠠ ᠬᠤᠶᠢᠨ᠎ᠠ ᠠᠴᠠ ᠪᠠᠨ ᠴᠣᠯᠭᠤᠷᠠᠨ ᠭᠠᠷᠬᠤ ᠪᠠ ᠣᠷᠦ᠋ᠢᠯᠠᠭᠰᠠᠨ ᠴᠢᠳᠠᠪᠤᠷᠢᠲᠠᠨ ᠴᠣᠯᠭᠤᠷᠠᠨ ᠭᠠᠷᠬᠤ ᠰᠠᠶᠢᠨ ᠰᠠᠶᠢᠬᠠᠨ ᠪᠠᠶᠢᠳᠠᠯ | ᠪᠦᠷᠢᠯᠳᠦᠬᠦ ᠶᠢ ᠠᠬᠢᠭᠤᠯᠬᠤ ᠬᠡᠷᠡᠭᠲᠡᠶ᠃ ᠴᠢᠳᠠᠪᠤᠷᠢᠲᠠᠨ ᠢ ᠬᠥᠮᠦᠵᠢᠭᠦᠯᠬᠦ ᠳᠤ ᠦᠨᠳᠦᠰᠦᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ ᠶᠢ ᠴᠢᠬᠤᠯᠠᠴᠢᠯᠠᠵᠤ᠂ | ᠰᠠᠭᠤᠷᠢ ᠶᠢ ᠠᠯᠬᠤᠮ ᠠᠯᠬᠤᠮ ᠢᠶᠠᠷ ᠪᠠᠲᠤᠳᠬᠠᠵᠤ᠂ ᠰᠠᠭᠤᠷᠢ ᠮᠡᠳᠡᠯᠭᠡ ᠪᠠ ᠤᠨᠤᠯ ᠢ ᠰᠤᠷᠤᠯᠴᠠᠨ ᠡᠵᠡᠮᠰᠢᠬᠦ ᠶᠢ ᠴᠢᠬᠤᠯᠠᠴᠢᠯᠠᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠰᠣᠩᠭᠤᠳᠠᠭ ᠪᠦᠲᠦᠭᠡᠯ ᠢ ᠰᠤᠳᠤᠯᠤᠨ ᠤᠩᠰᠢᠬᠤ ᠪᠠ ᠤᠯᠠᠮᠵᠢᠯᠠᠨ ᠵᠠᠯᠭᠠᠮᠵᠢᠯᠠᠵᠤ᠂ ᠬᠦᠢᠳᠡᠨ ᠰᠠᠨᠳᠠᠯᠢ ᠳᠤ ᠰᠠᠭᠤᠬᠤ᠂ ︽ᠠᠷᠪᠠᠨ | ᠵᠢᠯ ᠳᠤ ᠨᠢᠭᠡ ᠰᠡᠯᠡᠮ᠎ᠡ ᠶᠢ ᠬᠤᠷᠴᠠᠯᠠᠬᠤ︾ ᠰᠠᠭᠤᠷᠢ ᠰᠤᠳᠤᠯᠭᠠᠨ ᠪᠠ ︽ᠤᠷᠳᠤ ᠱᠤᠭᠤᠮ︾ ᠤᠨ ᠰᠤᠳᠤᠯᠭᠠᠨ ᠳᠤ ᠦᠵᠡᠭᠦᠯᠬᠦ ᠳᠡᠮᠵᠢᠯᠭᠡ ᠪᠠᠨ ᠴᠢᠩᠭᠠᠳᠬᠠᠬᠤ | ᠬᠡᠷᠡᠭᠲᠡᠶ᠃ ᠪᠦᠬᠦ ᠨᠡᠶᠢᠭᠡᠮ ᠳᠤ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ᠂ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠨᠢᠭᠲᠠ ᠠᠴᠠ ᠨᠢᠭᠲᠠ᠂ ᠤᠷ᠎ᠠ ᠮᠡᠷᠭᠡᠵᠢᠯ ᠳᠤ ᠪᠠᠨ ᠴᠠᠭᠠᠷᠠᠭᠰᠠᠨ ᠨᠡᠩ ᠤᠯᠠᠨ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ᠃ ᠣᠨᠴᠠᠭᠠᠢ ᠨᠡᠮᠡᠯᠭᠡ ᠶᠢᠨ | ᠲᠦᠷᠢᠮ ᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠤᠳᠤᠷᠢᠳᠤᠮᠵᠢ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠨᠠᠩ ᠣᠯᠠᠨ ᠬᠥᠮᠦᠨ ᠤ ᠴᠢᠳᠠᠪᠤᠷᠢᠲᠠᠨ | ᠪᠣᠯᠬᠤ ᠪᠠᠷ ᠴᠢᠷᠮᠠᠶᠢᠬᠤ ᠪᠠ ᠬᠥᠮᠦᠨ ᠪᠦᠬᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠶ᠃ ᠤᠯᠠᠨ ᠤᠯᠤᠰ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠰᠤᠷᠤᠯᠴᠠᠨ ᠲᠣᠯᠢᠯᠠᠵᠤ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠬᠦᠷᠳᠡᠬᠦ ᠳᠤᠮᠳᠠ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃ | | | | | | ᠯᠢ ᠺᠧ ᠴᠢᠶᠠᠩ ᠬᠡᠯᠡᠬᠦ ᠳᠤ ᠪᠠᠨ᠂ ᠡᠯ᠎ᠡ ᠲᠦᠷᠦᠯ ᠤᠨ ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠢ᠃ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠪᠠᠶᠢᠬᠤ ᠬᠡᠷᠡᠭᠲᠡᠶ ᠪᠥᠭᠡᠳ | ᠴᠢᠳᠠᠪᠤᠷᠢᠲᠠᠨ ᠤ ᠦᠰᠦᠨ ᠪᠤᠶᠢᠵᠢᠬᠤ ᠪᠠ ᠦᠢᠯᠡᠳᠦᠯ ᠢᠶᠠᠨ ᠪᠠᠳᠠᠷᠠᠭᠤᠯᠬᠤ ᠳᠤ ᠠᠰᠢᠭᠲᠠᠶ ᠣᠷᠴᠢᠨ ᠨᠥᠬᠦᠴᠡᠯ ᠪᠠᠶᠢᠬᠤ ᠬᠡᠷᠡᠭᠲᠡᠶ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠪᠠᠶᠢᠭᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠵᠡᠷᠭᠡ ᠶᠢᠨ | ᠥᠭᠡᠷᠡᠴᠢᠯᠡᠯᠲᠡ ᠶᠢ ᠠᠬᠢᠭᠤᠯᠵᠤ᠂ ᠡᠯ᠎ᠡ ᠵᠦᠢᠯ ᠤᠨ ᠵᠦᠢ ᠵᠤᠬᠢᠰ ᠦᠭᠡᠢ ᠬᠢᠵᠠᠭᠠᠷᠯᠠᠯ ᠢ ᠡᠪᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠨᠡᠩ ᠶᠡᠭᠡ | ᠡᠵᠡᠨ ᠮᠡᠳᠡᠬᠦ ᠡᠷᠬᠡ ᠲᠠᠢ ᠪᠣᠯᠭᠠᠵᠤ᠂ ᠡᠯ᠎ᠡ ᠲᠦᠷᠦᠯ ᠤᠨ ᠴᠢᠳᠠᠪᠤᠷᠢᠲᠠᠨ ᠤ ᠰᠡᠳᠬᠢᠯ ᠰᠠᠨᠠᠭ᠎ᠠ ᠲᠣᠭᠲᠠᠭᠤᠨ᠂ ᠨᠢᠭᠡ ᠰᠡᠳᠬᠢᠯ ᠢᠶᠠᠷ ᠰᠤᠳᠤᠯᠭᠠᠨ ᠬᠢᠵᠦ᠂ ᠨᠢᠭᠡ | ᠰᠡᠳᠬᠢᠯ ᠢᠶᠠᠷ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠠᠵᠢᠯ ᠲᠦᠷᠦᠯ ᠨᠢᠭᠡᠪᠦᠷᠢ ᠠᠴᠠ ᠰᠢᠯᠢᠳᠡᠭ ᠴᠢᠳᠠᠪᠤᠷᠢᠲᠠᠨ ᠴᠤᠯᠭᠤᠷᠠᠨ ᠭᠠᠷᠬᠤ ᠶᠢ | ᠠᠬᠢᠭᠤᠯᠬᠤ ᠬᠡᠷᠡᠭᠲᠡᠢ᠃ ︽ᠦᠷ᠎ᠡ ᠪᠦᠲᠦᠭᠡᠯ ᠢ ᠵᠠᠷᠯᠠᠨ ᠱᠠᠩᠨᠠᠯ ᠬᠥᠬᠢᠭᠦᠯᠦᠯ ᠣᠯᠭᠤᠬᠤ︾ ᠵᠡᠷᠭᠡ ᠰᠢᠨ᠎ᠡ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠲᠦᠷᠦᠯ ᠵᠦᠢᠯ ᠢᠶᠠᠷ ᠵᠣᠬᠢᠶᠠᠨ ᠪᠠᠶᠢᠭᠤᠯᠵᠤ ᠬᠠᠮᠢᠶᠠᠷᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠠᠵᠢᠯ ᠬᠢᠵᠦ ᠴᠢᠳᠠᠬᠤ᠂ ᠠᠵᠢᠯ ᠪᠦᠲᠦᠭᠡᠵᠦ ᠴᠢᠳᠠᠬᠤ | ᠴᠢᠳᠠᠪᠤᠷᠢᠲᠠᠨ ᠳᠤ ᠲᠠᠪᠴᠠᠩ ᠣᠯᠭᠤᠬᠤ᠂ ᠢᠷᠠᠭᠤ ᠠᠯᠳᠠᠷ ᠣᠯᠭᠤᠬᠤ ᠪᠠ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠵᠠᠯᠠᠭᠤ ᠴᠢᠳᠠᠪᠤᠷᠢᠲᠠᠨ ᠪᠣᠯ ᠰᠢᠨ᠎ᠡ ᠶᠢ | ᠡᠭᠦᠳᠬᠦ ᠳᠠᠯᠳᠠ ᠴᠢᠳᠠᠪᠤᠷᠢ ᠪᠠᠷ ᠬᠠᠮᠤᠭ ᠠᠴᠠ ᠳᠠᠪᠠᠭᠤᠯᠢᠭ ᠪᠠᠶᠢᠳᠠᠭ᠃ ᠨᠡᠩ ᠤᠯᠠᠨ ᠰᠢᠯᠢᠳᠡᠭ ᠵᠠᠯᠠᠭᠤᠴᠤᠳ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ | ᠰᠤᠳᠤᠯᠭᠠᠨ ᠤ ᠡᠭᠦᠷᠭᠡ ᠢ ᠭᠦᠢᠴᠡᠳᠬᠡᠬᠦ ᠶᠠᠪᠤᠴᠠ ᠳᠤ ᠴᠢᠬᠤᠯᠠ ᠡᠭᠦᠷᠭᠡ ᠡᠭᠦᠷᠭᠡᠯᠡᠬᠦ ᠶᠢ ᠳᠡᠮᠵᠢᠵᠦ᠂ ᠲᠡᠳᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠰᠢᠵᠢᠷ | ᠠᠯᠳᠠᠨ ᠱᠠᠲᠤ ᠦᠶ᠎ᠡ ᠳᠤ ᠪᠠᠨ ᠢᠯᠡᠭᠦᠬᠡᠨ ᠦᠷ᠎ᠡ ᠪᠦᠲᠦᠭᠡᠯ ᠭᠠᠷᠭᠠᠬᠤ ᠶᠢ ᠠᠬᠢᠭᠤᠯᠬᠤ ᠬᠡᠷᠡᠭᠲᠡᠢ᠃ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠨ ᠪᠣᠯᠤᠨ | ᠳᠡᠭᠡᠳᠦ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠵᠠᠯᠠᠭᠤ ᠡᠷᠳᠡᠮᠲᠡᠳ ᠢ ᠬᠥᠬᠢᠭᠦᠯᠦᠨ ᠳᠡᠮᠵᠢᠵᠦ᠂ ᠳᠤᠷᠠᠲᠠᠶ᠎ᠠ ᠪᠤᠰᠤᠳ ᠲᠤ ᠲᠥᠰᠢᠭ ᠲᠤᠯᠭᠠᠭᠤᠷᠢᠯᠠᠯ ᠪᠤᠯᠵᠤ᠂ | ᠵᠠᠯᠠᠭᠤᠴᠤᠳ ᠤᠨ ᠴᠢᠳᠠᠪᠤᠷᠢᠲᠠᠨ ᠪᠣᠯᠬᠤ ᠳᠤ ᠣᠷᠣᠨ ᠵᠠᠢ ᠶᠢ ᠨᠢ ᠥᠷᠭᠡᠳᠬᠡᠵᠦ ᠥᠭᠬᠦ ᠶᠢ ᠬᠦᠰᠡᠵᠦ ᠪᠠᠶᠢᠨ᠎ᠠ ᠭᠡᠵᠡᠢ᠃ | ᠬᠤ᠋ ᠴᠦᠨ ᠬᠤᠸᠠ᠂ ᠸᠠᠩ ᠶᠦᠩ᠂ ᠰᠢᠶᠤᠤ ᠵᠢᠶᠧ᠂ ᠡᡁᠧ ᠯᠢ ᠹᠧᠩ ᠶᠠᠷᠢᠯᠴᠠᠬᠤ ᠬᠤᠷᠠᠯ ᠳᠤ ᠣᠷᠣᠯᠴᠠᠪᠠ᠃ | |