ᠵᠣ᠋ ᠱᠢ ᠹᠦ᠋
ᠨᠡᠶᠢᠲᠡᠯᠡᠭᠰᠡᠨ ᠴᠠᠭ᠄
2021/5/18
朱实夫.jpg
      ᠵᠣ᠋ ᠱᠢ ᠹᠦ᠋ ︵1907 ~ 1941︶ ᠮᠣᠩᠭᠤᠯ ᠦᠨᠳᠦᠰᠦᠲᠡᠨ᠂ ᠬᠦᠬᠡᠬᠤᠳᠠ ᠶᠢᠨ ᠲᠦᠮᠡᠳ ᠬᠤᠰᠢᠭᠤᠨ ᠤ ᠬᠦᠮᠦᠨ᠃ ᠪᠡᠭᠡᠵᠢᠩ ᠳᠠᠬᠢ ᠮᠣᠩᠭᠤᠯ ᠲᠦᠪᠡᠳ ᠰᠤᠷᠭᠠᠭᠤᠯᠢ ᠠᠴᠠ ᠲᠡᠭᠦᠰᠴᠡᠢ᠃ 1925 ᠣᠨ ᠤ ᠭᠤᠸᠠᠩᠵᠧᠦ ᠳᠠᠬᠢ ᠬᠤᠸᠠᠩᠫᠦ᠋ ᠶᠢᠨ ᠴᠡᠷᠢᠭ ᠤᠨ ᠰᠤᠷᠭᠠᠭᠤᠯᠢ ᠶᠢᠨ ᠳᠦᠷᠪᠡᠳᠦᠭᠡᠷ ᠬᠤᠭᠤᠴᠠᠭ᠎ᠠ ᠳᠤ ᠣᠷᠤᠵᠣ ᠰᠤᠷᠤᠯᠴᠠᠪᠠ᠂ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠣᠯᠪᠠ᠃ ᠬᠤᠸᠠᠩᠫᠦ᠋ ᠶᠢᠨ ᠴᠡᠷᠢᠭ ᠶᠢᠨ ᠰᠤᠷᠭᠠᠭᠤᠯᠢ ᠠᠴᠠ ᠲᠡᠭᠦᠰᠦᠭᠰᠡᠨ ᠤ ᠳᠠᠷᠠᠭ᠎ᠠ ᠤᠯᠤᠰ ᠠᠷᠠᠳ ᠤᠨ ᠴᠡᠷᠢᠭ ᠤᠨ ᠨᠢᠭᠡᠳᠦᠭᠡᠷ ᠠᠷᠮᠢ ᠶᠢᠨ ᠹᠧᠩ ᠢᠦᠢ ᠰᠢᠶᠠᠩ ᠤᠨ ᠪᠦᠯᠦᠭ ᠲᠤ ᠣᠴᠢᠵᠤ᠂ ᠮᠣᠰᠺᠸᠠ ᠳᠠᠬᠢ ᠰᠤᠷᠭᠠᠭᠤᠯᠢ ᠳᠤ ᠰᠤᠷᠴᠤ ᠪᠠᠶᠢᠭᠰᠠᠨ ᠢᠶᠠᠨ ᠬᠤᠵᠢᠮ ᠨᠢ ᠮᠣᠰᠺᠸᠠ ᠶᠢᠨ ᠶᠡᠭᠡ ᠫᠤᠤᠲᠦ ᠴᠡᠷᠢᠭ ᠤᠨ ᠰᠤᠷᠭᠠᠭᠤᠯᠢ ᠳᠤ ᠰᠤᠷᠤᠯᠴᠠᠪᠠ᠃ ᠤᠯᠤᠰ ᠲᠤ ᠪᠠᠨ ᠬᠠᠷᠢᠭᠠᠳ ᠮᠣᠩᠭᠤᠯ ᠤᠨ ᠣᠷᠣᠨ ᠨᠤᠲᠤᠭ ᠤᠨ ᠥᠪᠡᠷᠲᠡᠭᠡᠨ ᠵᠠᠰᠠᠬᠤ ᠵᠥᠪᠯᠡᠯ ᠤᠨ ᠠᠮᠤᠷ ᠢ ᠬᠠᠮᠠᠭᠠᠯᠠᠬᠤ ᠠᠩᠭᠢ ᠳᠤ ᠲᠤᠰᠢᠶᠠᠯ ᠬᠠᠷᠢᠭᠤᠴᠠᠵᠤ᠂ 1936 ᠣᠨ ᠤ 2 ᠰᠠᠷ᠎ᠠ ᠳᠤ ᠶᠦᠨ ᠵᠢᠶ ᠰᠢᠶᠠᠨ ᠲᠠᠢ ᠬᠠᠮᠲᠤ ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠭᠠᠷᠭᠠᠵᠠᠶ᠃ ᠬᠤᠵᠢᠮ ᠨᠢ ᠪᠣᠰᠣᠯᠭ᠎ᠠ ᠶᠢᠨ ᠴᠡᠷᠢᠭ ᠠᠩᠬᠢ ᠠᠴᠠ ᠥᠭᠡᠷᠡᠴᠢᠯᠡᠨ ᠪᠠᠶᠢᠭᠤᠯᠤᠭᠰᠠᠨ ᠰᠦᠢᠶᠤᠸᠠᠨ ᠮᠤᠵᠢ ᠶᠢᠨ ᠮᠣᠩᠭᠤᠯ ᠬᠤᠰᠢᠭᠤᠨ ᠤ ᠠᠮᠤᠷ ᠢ ᠬᠠᠮᠠᠭᠠᠯᠠᠬᠤ ᠶᠡᠷᠦᠩᠬᠡᠢ ᠠᠩᠬᠢ ᠳᠤ ᠳᠡᠳ᠋ ᠶᠡᠷᠦᠩᠬᠡᠢ ᠠᠩᠬᠢ ᠶᠢᠨ ᠳᠠᠷᠤᠭ᠎ᠠ ᠪᠥᠭᠡᠳ ᠬᠤᠶᠠᠳᠤᠭᠠᠷ ᠶᠡᠭᠡ ᠠᠩᠬᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠠᠢ᠃ ᠶᠠᠫᠤᠨ ᠢ ᠡᠰᠡᠷᠭᠦᠴᠡᠬᠦ ᠳᠠᠶᠢᠨ ᠡᠭᠦᠰᠦᠭᠰᠡᠨ ᠤ ᠳᠠᠷᠠᠭ᠎ᠠ ᠴᠡᠷᠢᠭ ᠢᠶᠠᠨ ᠳᠠᠭᠠᠭᠤᠯᠤᠨ ᠪᠠᠶᠢᠯᠳᠤᠵᠤ ᠪᠠᠶᠢᠭᠠᠳ ᠬᠡᠳᠦᠨᠲᠡ ᠰᠢᠷᠬᠠᠳᠤᠪᠠ᠃ ᠮᠣᠩᠭᠤᠯ ᠬᠤᠰᠢᠭᠤᠳ ᠤᠨ ᠠᠮᠤᠷ ᠢ ᠬᠠᠮᠠᠭᠠᠯᠠᠬᠤ ᠶᠡᠷᠦᠩᠬᠡᠢ ᠠᠩᠭᠢ ᠶᠢ ᠤᠯᠤᠰ ᠠᠷᠠᠳ ᠤᠨ ᠴᠡᠷᠢᠭ ᠤᠨ ᠭᠤᠷᠪᠠᠳᠤᠭᠠᠷ ᠳ᠋ᠢᠸᠢᠽᠢ ᠪᠣᠯᠭᠠᠨ ᠦᠭᠡᠷᠡᠴᠢᠯᠡᠭᠰᠡᠨ ᠤ ᠳᠠᠷᠠᠭ᠎ᠠ ᠨᠠᠢᠮᠠᠳᠤᠭᠠᠷ ᠬᠤᠷᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ 1941 ᠣᠨ ᠳᠤ ᠬᠤᠰᠢᠭᠤᠴᠢ ᠭᠧᠨᠧᠷᠠᠯ ᠤᠨ ᠳᠡᠳ᠋ ᠳ᠋ᠢᠸᠢᠽᠢ ᠶᠢᠨ ᠳᠠᠷᠤᠭ᠎ᠠ ᠶᠢᠨ ᠲᠤᠰᠢᠶᠠᠯ ᠳᠤ ᠳᠡᠪᠰᠢᠪᠡ᠃ ᠲᠤᠰ ᠵᠢᠯ ᠤᠨ ᠵᠤᠨ ᠴᠡᠷᠢᠭ ᠢᠶᠠᠨ ᠳᠠᠭᠠᠭᠤᠯᠤᠨ ᠭᠠᠨᠰᠤ ᠤᠷᠤᠭᠤ ᠰᠢᠯᠵᠢᠨ ᠰᠡᠷᠭᠡᠶᠢᠯᠡᠬᠦ ᠵᠠᠮ ᠵᠠᠭᠤᠷ᠎ᠠ ᠪᠡᠶ᠎ᠡ ᠦᠷᠡᠭᠳᠡᠪᠡ᠃
ᠢᠷᠡᠯᠲᠡ᠄ ︽ᠮᠣᠩᠭᠤᠯ ᠦᠨᠳᠦᠰᠦᠲᠡᠨ ᠤ ᠪᠦᠷᠢᠨ ᠲᠣᠯᠢ︾