ᠤᠯᠠᠭᠠᠨᠬᠠᠳᠠ ᠬᠤᠲᠠ ᠶᠢᠨ ᠠᠩᠬᠠᠳᠤᠭᠠᠷ ᠬᠤᠭᠤᠴᠠᠭᠠᠨ ᠤ ︽ᠰᠢᠨ᠎ᠡ ᠤᠳᠬ᠎ᠠ ᠤᠷᠠᠯᠢᠭ ᠤᠨ ᠪᠦᠯᠬᠦᠮ︾ ᠤᠷᠠᠨ ᠵᠢᠷᠤᠭ ᠤᠨ ᠪᠦᠲᠦᠭᠡᠯ ᠤᠨ ᠦᠵᠡᠭᠦᠯᠭᠡ ᠡᠬᠢᠯᠡᠪᠡ
ᠨᠡᠶᠢᠲᠡᠯᠡᠭᠰᠡᠨ ᠴᠠᠭ᠄
2021/5/18

      5 ᠳ᠋ᠤᠭᠠᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠠᠶᠠᠷᠯᠠᠨ ᠪᠡᠯᠭᠡᠯᠡᠬᠦ ᠶᠢᠨ ᠲᠤᠰᠠᠳᠠ᠂ ᠤᠯᠠᠭᠠᠨᠬᠠᠳᠠ ᠬᠤᠳᠠ ᠶᠢᠨ ᠤᠷᠠᠨ ᠵᠢᠷᠤᠭᠴᠢᠳ ᠤᠨ ᠨᠡᠶᠢᠭᠡᠮᠯᠢᠭ ᠭᠤᠣᠯᠯᠠᠨ ᠡᠷᠬᠢᠯᠡᠵᠦ᠂ ᠤᠯᠠᠭᠠᠨᠬᠠᠳᠠ ᠶᠢᠨ ᠵᠢᠶᠠᠴᠧᠩ ᠮᠠᠰᠢᠨ ᠲᠡᠷᠭᠡ ᠰᠢᠯᠭᠠᠨ ᠪᠠᠶᠢᠴᠠᠭᠠᠬᠤ ᠬᠢᠵᠠᠭᠠᠷᠲᠤ ᠺᠣᠮᠫᠠᠨᠢ ᠠᠴᠠ ᠬᠠᠮᠵᠢᠯᠴᠠᠨ ᠡᠷᠬᠢᠯᠡᠭᠰᠡᠡ ᠤᠯᠠᠭᠠᠨᠬᠠᠳᠠ ᠬᠤᠳᠠ ᠶᠢᠨ ᠠᠩᠬᠠᠳᠤᠭᠠᠷ ᠬᠤᠭᠤᠴᠠᠭᠠᠨ ᠤ ︽ᠰᠢᠨ᠎ᠡ ᠤᠳᠬ᠎ᠠ ᠤᠷᠠᠯᠢᠭ ᠤᠨ ᠪᠦᠯᠬᠦᠮ︾ ᠤᠷᠠᠨ ᠵᠢᠷᠤᠭ ᠤᠨ ᠪᠦᠲᠦᠭᠡᠯ ᠤᠨ ᠦᠵᠡᠭᠦᠯᠭᠡ ᠬᠤᠩᠱᠠᠨ ᠲᠣᠭᠤᠷᠢᠭ ᠤᠨ ᠰᠣᠶᠣᠯ ᠤᠨ ᠣᠷᠳᠣᠨ ᠳᠤ ᠶᠠᠪᠤᠭᠳᠠᠪᠠ᠃ ᠬᠢᠲᠠᠳ ᠵᠢᠷᠤᠭ᠂ ᠲᠣᠰᠣᠨ ᠪᠤᠳᠤᠭ ᠤᠨ ᠵᠢᠷᠤᠭ᠂ ᠱᠤᠭᠤᠮᠠᠯ᠂ ᠤᠰᠤᠨ ᠪᠤᠳᠤᠭ᠂ ᠪᠣᠷᠣ ᠵᠢᠷᠤᠭ ᠵᠡᠷᠭᠡ ᠶᠢ ᠪᠠᠭᠲᠠᠭᠠᠭᠰᠠᠨ ᠪᠥᠬᠦ ᠬᠤᠲᠠ ᠶᠢᠨ 40 ᠭᠠᠷᠤᠶ ᠪᠦᠲᠦᠭᠡᠯ ᠦᠵᠡᠭᠦᠯᠭᠡ ᠳᠤ ᠣᠷᠣᠯᠴᠠᠵᠤ᠂ ᠲᠣᠰ ᠲᠣᠰ ᠤᠨ ᠥᠪᠡᠷᠮᠢᠴᠡ ᠣᠨᠴᠠᠯᠢᠭ ᠲᠠᠢ᠂ ᠲᠣᠰ ᠲᠣᠰ ᠤᠨ ᠴᠤᠭ ᠵᠢᠪᠬᠤᠭ᠎ᠠ ᠪᠠᠨ ᠭᠠᠶᠢᠬᠠᠭᠤᠯᠤᠭᠰᠠᠨ ᠤᠷᠠᠯᠢᠭ ᠤᠨ ᠳᠦᠷᠢ ᠳᠥᠷᠬᠦ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠴᠣᠯᠭᠤᠷᠠᠨ ᠭᠠᠷᠤᠭᠰᠠᠨ ᠬᠥᠮᠦᠨ᠂ ᠦᠢᠯᠡ ᠶᠠᠪᠤᠳᠠᠯ᠂ ᠳᠦᠷᠢ ᠪᠠᠶᠢᠳᠠᠯ ᠪᠠ ᠵᠣᠷᠢᠭ ᠰᠠᠨᠠᠭ᠎ᠠ ᠶᠢ ᠮᠠᠭᠲᠠᠨ ᠳᠠᠭᠤᠯᠠᠪᠠ᠃ ᠡᠳᠡᠭᠡᠷ ᠪᠦᠲᠦᠭᠡᠯ ᠨᠢ ᠠᠮᠢᠳᠤᠷᠠᠯ ᠠᠴᠠ ᠢᠷᠡᠯᠲᠡ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠠᠬᠤᠶᠢᠴᠢ ᠴᠢᠨᠠᠷ ᠪᠠ ᠤᠷᠠᠯᠢᠭᠴᠢ ᠴᠢᠨᠠᠷ ᠢ ᠣᠷᠭᠠᠨᠢᠭ ᠢᠶᠠᠷ ᠤᠶᠠᠯᠳᠤᠭᠤᠯᠵᠤ᠂ ᠮᠠᠨ ᠤ ᠬᠤᠲᠠ ᠶᠢᠨ ︽ᠰᠢᠨ᠎ᠡ ᠤᠳᠬ᠎ᠠ ᠤᠷᠠᠯᠢᠭ ᠤᠨ ᠪᠦᠯᠬᠦᠮ︾ ᠤᠨ ᠪᠦᠬᠦᠯᠢ ᠴᠣᠭᠴᠠ ᠶᠢᠨ ᠵᠣᠬᠢᠶᠠᠨ ᠪᠦᠲᠦᠭᠡᠬᠦ ᠬᠢᠷᠢ ᠲᠦᠪᠰᠢᠨ ᠢ ᠬᠠᠷᠠᠭᠤᠯᠵᠠᠢ᠃ ᠦᠵᠡᠭᠦᠯᠭᠡ ᠶᠢᠨ ᠬᠤᠭᠤᠴᠠᠭ᠎ᠠ ᠨᠢ 5 ᠳ᠋ᠤᠭᠠᠷ ᠰᠠᠷ᠎ᠠ ᠶᠢᠨ 15 ᠤ ᠡᠳᠦᠷ ᠠᠴᠠ 5 ᠳ᠋ᠤᠭᠠᠷ ᠰᠠᠷ᠎ᠠ ᠶᠢᠨ 25 ᠤ ᠡᠳᠦᠷ ᠪᠣᠯᠲᠠᠯ᠎ᠠ ᠨᠡᠶᠢᠲᠡ 11 ᠡᠳᠦᠷ ᠪᠣᠯᠤᠨ᠎ᠠ᠃
     ︽ᠰᠢᠨ᠎ᠡ ᠤᠳᠬ᠎ᠠ ᠤᠷᠠᠯᠢᠭ ᠤᠨ ᠪᠦᠯᠬᠦᠮ︾ ᠭᠡᠳᠡᠭ ᠨᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠨᠥᠬᠦᠴᠡᠯ ᠳᠣᠣᠷ᠎ᠠ᠂ ᠡᠳ᠋ ᠤᠨ ᠵᠠᠰᠠᠭ ᠠᠴᠠ ᠰᠢᠯᠵᠢᠭᠦᠯᠵᠦ ᠥᠭᠭᠦᠭᠰᠡᠨ ᠵᠣᠭᠤᠰᠣᠨ ᠳᠤ ᠲᠦᠰᠢᠭᠯᠡᠬᠦ ᠦᠭᠡᠢ᠂ ᠵᠠᠰᠠᠭ ᠵᠠᠬᠢᠷᠭᠠᠨ ᠠᠵᠢᠯ ᠦᠢᠯᠡᠰ ᠤᠨ ᠣᠷᠣᠨ ᠲᠤᠭ᠎ᠠ ᠶᠢ ᠡᠵᠡᠯᠡᠬᠦ ᠦᠭᠡᠢ᠂ ᠥᠷᠭᠡᠨ ᠠᠭᠤᠳᠠᠮ ᠨᠡᠶᠢᠭᠡᠮ ᠤᠨ ᠣᠷᠣᠨ ᠵᠠᠶ ᠳᠤ ᠢᠳᠡᠪᠬᠢᠲᠡᠶ ᠠᠵᠢᠯᠯᠠᠵᠤ᠂ ᠥᠪᠡᠷ ᠤᠨ ᠤᠷᠠᠯᠢᠭ ᠤᠨ ᠵᠣᠬᠢᠶᠠᠨ ᠪᠦᠲᠦᠭᠡᠯᠭᠡ ᠪᠠ ᠰᠣᠶᠣᠯ ᠤᠨ ᠦᠢᠯᠡᠴᠢᠯᠡᠭᠡ ᠪᠠᠷ ᠢᠶᠠᠨ ᠠᠷᠠᠳ ᠤᠯᠠᠨ ᠤ ᠤᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ ᠪᠠᠶᠢᠭ᠎ᠠ ᠪᠦᠯᠬᠦᠮ ᠨᠡᠶᠢᠲᠡ ᠶᠢ ᠵᠢᠭᠠᠵᠤ ᠪᠠᠶᠢᠨ᠎ᠠ᠃ ᠦᠵᠡᠭᠦᠯᠭᠡ ᠳᠤ ᠣᠷᠣᠯᠴᠠᠭᠰᠠᠨ ︽ᠰᠢᠨ᠎ᠡ ᠤᠳᠬ᠎ᠠ ᠤᠷᠠᠯᠢᠭ ᠤᠨ ᠪᠦᠯᠬᠦᠮ︾ ᠤᠨ ᠵᠢᠷᠤᠭᠴᠢᠳ ᠬᠠᠷᠠᠭᠠᠰᠤ ᠪᠠᠨ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠳᠡᠭᠡᠷ᠎ᠡ ᠲᠥᠪᠯᠡᠷᠡᠭᠦᠯᠵᠦ᠂ ᠦᠨᠡᠨ ᠭᠤᠸ᠎ᠠ ᠰᠠᠶᠢᠬᠠᠨ ᠤ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠪᠢᠷ ᠪᠡᠬᠡᠰ ᠢᠶᠠᠷ ᠢᠶᠠᠨ ᠰᠡᠳᠬᠢᠯ ᠤᠨ ᠭᠦᠨ ᠠᠴᠠ ᠪᠠᠨ ᠣᠨᠳᠣᠷᠣᠭᠰᠠᠨ ᠤᠷᠠᠨ ᠪᠦᠲᠦᠭᠡᠯ ᠢᠶᠠᠨ ᠵᠣᠬᠢᠶᠠᠨ ᠪᠦᠲᠦᠭᠡᠵᠦ᠂ ᠤᠯᠠᠭᠠᠨᠬᠠᠳᠠ ᠬᠤᠲᠠ ᠶᠢᠨ ᠤᠷᠠᠨ ᠵᠢᠷᠤᠭ ᠤᠨ ᠬᠦᠷᠢᠶᠡᠯᠡᠩ ᠤᠨ ᠳᠤᠲᠠᠭᠳᠠᠵᠤ ᠪᠣᠯᠤᠰᠢ ᠥᠬᠡᠶ ᠠᠮᠢᠵᠢᠷᠠᠯ ᠤᠨ ᠬᠦᠴᠦᠨ ᠪᠣᠯᠤᠭᠰᠠᠨ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ